题名 |
ᠮᠤᠩᠭ᠋ᠤᠯ ᠠᠷᠠᠳ ᠤᠨ ᠰᠡᠴᠡᠨ ᠮᠡᠷᠭᠡᠨ ᠬᠦᠮᠦᠨ ᠤ ᠦᠯᠢᠭᠡᠷ ᠲᠤ ᠢᠯᠡᠷᠡᠭᠰᠡᠨ ᠡᠷᠳᠡᠨ ᠤ ᠰᠢᠳᠦᠯᠭᠡ ᠪᠢᠰᠢᠷᠡᠯ ᠤᠨ ᠵᠠᠩ ᠦᠢᠯᠡ ᠶᠢᠨ ᠲᠤᠬᠠᠢ ᠰᠢᠨᠵᠢᠯᠡᠯ |
作者 |
ᠤᠷᠢᠬᠠᠨ |
关键词 |
ᠮᠤᠩᠭ᠋ᠤᠯᠴᠤᠳ; ᠰᠡᠴᠡᠨ ᠮᠡᠷᠭᠡᠨ ᠬᠦᠮᠦᠨ ᠤ ᠦᠯᠢᠭᠡᠷ; ᠰᠢᠳᠦᠯᠭᠡ ᠪᠢᠰᠢᠷᠡᠯ ᠤᠨ ᠵᠠᠩ ᠦᠢᠯᠡ |
摘要 |
ᠮᠤᠩᠭ᠋ᠤᠯᠴᠤᠳ ᠤᠨ ᠡᠷᠳᠡᠨ ᠤ ᠰᠢᠳᠦᠯᠭᠡ ᠪᠢᠰᠢᠷᠡᠯ ᠤᠨ ᠵᠠᠩ ᠦᠢᠯᠡ ᠨᠢ ᠮᠤᠩᠭ᠋ᠤᠯ ᠠᠷᠠᠳ ᠤᠨ ᠰᠡᠴᠡᠨ ᠮᠡᠷᠭᠡᠨ ᠬᠦᠮᠦᠨ ᠤ ᠦᠯᠢᠭᠡᠷ ᠲᠤ ᠵᠤᠬᠢᠬᠤ ᠬᠡᠮᠵᠢᠶ᠎ᠡ ᠪᠡᠷ ᠠᠰᠢᠭᠯᠠᠭᠳᠠᠵᠤ ᠤᠷᠤᠭᠰᠠᠨ ᠪᠠᠢ᠌ᠳᠠᠭ᠃ ᠡᠷᠳᠡᠨ ᠤ ᠰᠢᠳᠦᠯᠭᠡ ᠪᠢᠰᠢᠷᠡᠯ ᠤᠨ ᠵᠠᠩ ᠦᠢᠯᠡ ᠨᠢ ᠰᠡᠴᠡᠨ ᠮᠡᠷᠭᠡᠨ ᠬᠦᠮᠦᠨ ᠤ ᠦᠯᠢᠭᠡᠷ ᠤᠨ ᠤᠷᠠᠯᠢᠭ ᠤᠨ ᠬᠦᠴᠦᠨ ᠢ ᠨᠡᠮᠡᠭᠳᠡᠭᠦᠯᠬᠦ ᠶᠢᠨ ᠬᠠᠮᠳᠤ ᠪᠠᠰᠠ ᠬᠦᠮᠦᠰ ᠲᠤ ᠦᠨᠡᠮᠰᠢᠭᠦᠯᠬᠦ ᠰᠢᠨᠵᠢ ᠶᠢ ᠤᠯᠭᠤᠵᠠᠢ᠃ ᠡᠨᠡ ᠨᠢ ᠰᠡᠴᠡᠨ ᠮᠡᠷᠭᠡᠨ ᠬᠦᠮᠦᠨ ᠤ ᠦᠯᠢᠭᠡᠷ ᠪᠤᠯᠤᠨ ᠠᠵᠤ ᠠᠮᠢᠳᠤᠷᠠᠯ ᠤᠨ ᠬᠢᠨᠢ ᠪᠤᠳᠠᠳᠤ ᠤᠷᠴᠢᠨ ᠠᠬᠤᠢ ᠶᠢ ᠵᠤᠬᠢᠬᠤ ᠬᠡᠮᠵᠢᠶ᠎ᠡ ᠪᠡᠷ ᠨᠦᠬᠦᠴᠡᠯᠳᠦᠭᠦᠯᠵᠦ᠂ ᠦᠯᠢᠭᠡᠷ ᠤᠨ ᠤᠷᠠᠯᠢᠭ ᠤᠨ ᠤᠨᠴᠠᠯᠢᠭ ᠰᠢᠨᠵᠢ ᠶᠢ ᠴᠢᠳᠠᠮᠠᠭᠠᠢ ᠪᠡᠷ ᠢᠯᠡᠷᠡᠭᠦᠯᠵᠦ ᠪᠠᠢ᠌ᠳᠠᠭ᠃ ᠨᠦᠭᠦᠭᠡ ᠲᠠᠯ᠎ᠠ ᠪᠡᠷ ᠮᠤᠩᠭ᠋ᠤᠯᠴᠤᠳ ᠤᠨ ᠡᠷᠳᠡᠨ ᠤ ᠰᠢᠳᠦᠯᠭᠡ ᠪᠢᠰᠢᠷᠡᠯ ᠤᠨ ᠵᠠᠩ ᠦᠢᠯᠡ ᠶᠢᠨ ᠦᠵᠡᠭᠳᠡᠯ ᠢ ᠰᠡᠴᠡᠨ ᠮᠡᠷᠭᠡᠨ ᠬᠦᠮᠦᠨ ᠤ ᠦᠯᠢᠭᠡᠷ ᠤᠨ ᠦᠢᠯᠡ ᠶᠠᠪᠤᠳᠠᠯ ᠤᠨ ᠪᠦᠷᠢᠯᠳᠦᠯ ᠬᠦᠭ᠍ᠵᠢᠯ ᠳᠤ ᠵᠤᠬᠢᠰᠳᠠᠢ ᠠᠰᠢᠭᠯᠠᠨ ᠬᠡᠷᠡᠭᠯᠡᠵᠦ ᠪᠠᠢ᠌ᠬᠤ ᠨᠢ ᠮᠤᠩᠭ᠋ᠤᠯᠴᠤᠳ ᠤᠨ ᠪᠠᠢ᠌ᠭᠠᠯᠢ ᠨᠡᠢ᠌ᠭᠡᠮ ᠤᠨ ᠵᠤᠬᠢᠴᠠᠯ ᠤᠨ ᠲᠤᠬᠠᠢ ᠦᠵᠡᠯᠳᠡ ᠲᠠᠨᠢᠯᠳᠠ ᠶᠢᠨ ᠵᠤᠬᠢᠬᠤ ᠢᠯᠡᠷᠡᠯ ᠪᠤᠯᠬᠤ - 《ᠠᠯᠢᠪᠠ ᠪᠦᠬᠦᠨ ᠰᠠ᠌ᠨ ᠰᠠᠢ᠌ᠬᠠᠨ ᠪᠠᠢ᠌ᠵᠤ᠂ ᠬᠡᠵᠢᠶᠡᠳᠡ ᠢᠯᠠᠯᠳᠠ ᠳᠤ ᠬᠦᠷᠴᠦ ᠴᠢᠳᠠᠳᠠᠭ ᠭᠡᠵᠦ ᠦᠵᠡᠳᠡᠭ》 ᠲᠠᠢ ᠬᠤᠯᠪᠤᠭ᠎ᠠ ᠲᠠᠢ ᠭᠡᠵᠦ ᠲᠠᠨᠢᠵᠤ ᠪᠤᠯᠤᠨ᠎ᠠ᠃ |
原文 |
查看原文
|
出自 |
中国蒙古学
2012年
第1期
|