题名 |
ᠮᠣᠩᠭᠤᠯ ᠤᠶᠤᠲᠠᠳ ᠤᠨ ᠬᠡᠯᠡ ᠡᠵᠡᠮᠰᠢᠯ ᠪᠡ ᠭᠠᠳᠠᠭᠠᠳᠤ ᠬᠡᠯᠡᠨ ᠦ ᠵᠢᠭᠠᠨ ᠰᠤᠷᠭᠠᠬᠤ ᠠᠷᠭ᠎ᠠ ᠶᠢᠨ ᠬᠠᠷᠢᠴᠠᠭ᠎ᠠ ᠠᠴᠠ ᠰᠡᠳᠦᠪᠯᠡᠬᠦ ᠨᠢ |
作者 |
ᠠᠯᠮᠠᠰ |
关键词 |
ᠡᠬᠡ ᠬᠡᠯᠡᠨ ᠦ ᠡᠵᠡᠮᠰᠢᠯ; ᠴᠤᠪᠤᠷᠠᠯ ᠠᠷᠭ᠎ᠠ; ᠬᠠᠷᠢᠭᠤ ᠲᠤᠰᠤᠯᠲᠠ ᠶᠢᠨ ᠠᠷᠭ᠎ᠠ |
摘要 |
ᠬᠡᠯᠡ ᠰᠤᠷᠬᠤ ᠭᠡᠳᠡᠭ ᠨᠢ 《ᠵᠢᠭᠠᠬᠤᠢ》 ᠪᠠ 《ᠰᠤᠷᠬᠤᠢ》 ᠬᠤᠶᠠᠷ ᠲᠠᠯ᠎ᠠ ᠶᠢᠨ ᠠᠰᠠᠭᠤᠳᠠᠯ ᠪᠤᠯᠬᠤ ᠶᠤᠮ᠃ ᠡᠭᠦᠨ ᠳᠦ 《ᠵᠢᠭᠠᠬᠤᠢ》 ᠨᠢ ᠣᠯᠠᠨ ᠶᠠᠩᠵᠤ ᠶᠢᠨ ᠭᠠᠳᠠᠭᠠᠳᠤ ᠬᠡᠯᠡᠨ ᠦ ᠵᠢᠭᠠᠨ ᠰᠤᠷᠭᠠᠬᠤ ᠠᠷᠭ᠎ᠠ ᠪᠤᠢ ᠪᠦᠭᠡᠳ ᠲᠡᠳᠡᠭᠡᠷ ᠨᠢ ᠶᠠᠮᠠᠷ ᠨᠢᠭᠡᠨ ᠣᠨᠣᠯ ᠦᠵᠡᠯᠲᠡ ᠳᠦ ᠰᠠᠭᠤᠷᠢᠯᠠᠭᠰᠠᠨ ᠪᠠᠢᠳᠠᠭ᠃ ᠬᠡᠯᠡ ᠰᠢᠨᠵᠢᠯᠡᠯ ᠪᠤᠶᠤ ᠰᠡᠳᠬᠢᠴᠡ ᠶᠢᠨ ᠵᠦᠢ᠂ ᠰᠤᠷᠭᠠᠨ ᠬᠦᠮᠦᠵᠢᠭᠦᠯᠬᠦ ᠤᠬᠠᠭᠠᠨ ᠵᠡᠷᠭᠡ ᠶᠢᠨ ᠨᠦᠯᠦᠭᠡ ᠬᠦᠷᠲᠡᠭᠰᠡᠨ ᠵᠢᠭᠠᠨ ᠰᠤᠷᠭᠠᠬᠤ ᠠᠷᠭ᠎ᠠ ᠪᠤᠢ ᠪᠦᠭᠡᠳ ᠬᠡᠯᠡ ᠰᠤᠷᠤᠯᠴᠠᠯᠭ᠎ᠠ ᠶᠢᠨ ᠣᠨᠣᠯ ᠪᠠ ᠰᠤᠳᠤᠯᠭᠠᠨ ᠤ ᠨᠦᠯᠦᠭᠡᠨ ᠡᠴᠡ ᠡᠭᠦᠰᠦᠯ ᠲᠡᠢ ᠵᠢᠭᠠᠨ ᠰᠤᠷᠭᠠᠬᠤ ᠠᠷᠭ᠎ᠠ ᠴᠤ ᠣᠯᠠᠨ ᠪᠤᠢ᠃ ᠭᠠᠳᠠᠭᠠᠳᠤ ᠬᠡᠯᠡᠨ ᠦ ᠵᠢᠭᠠᠨ ᠰᠤᠷᠭᠠᠬᠤ ᠠᠷᠭ᠎ᠠ ᠶᠢᠨ ᠲᠤᠬᠠᠢ ᠭᠦᠨᠵᠡᠭᠡᠢ ᠣᠢᠯᠠᠭᠠᠯᠲᠠ ᠲᠠᠢ ᠪᠤᠯᠤᠮᠠᠨᠵᠢᠨ ᠰᠠᠶᠢ ᠲᠡᠭᠦᠨ ᠢ ᠠᠮᠢᠳᠤᠯᠢᠭ ᠢᠶᠠᠷ ᠠᠰᠢᠭᠯᠠᠨ ᠬᠡᠷᠡᠭᠯᠡᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠭᠰᠢᠯᠡᠭᠦᠯᠵᠦ ᠴᠢᠳᠠᠬᠤ ᠶᠤᠮ᠃ ᠬᠡᠯᠡ ᠡᠵᠡᠮᠰᠢᠯ ᠳᠦ ᠡᠬᠡ ᠬᠡᠯᠡᠨ ᠦ ᠡᠵᠡᠮᠰᠢᠯ (First Language Acquisition) ᠪᠠ ᠬᠤᠶᠠᠳᠤᠭᠠᠷ ᠬᠡᠯᠡᠨ ᠦ ᠡᠵᠡᠮᠰᠢᠯ (Second Language Acquisition) ᠪᠠ ᠬᠤᠶᠠᠳᠤᠭᠠᠷ ᠬᠡᠯᠡᠨ ᠦ ᠡᠵᠡᠮᠰᠢᠯ (Second Language Acquisition) (ᠪᠤᠶᠤ ᠭᠠᠳᠠᠭᠠᠳᠤ ᠬᠡᠯᠡᠨ ᠦ ᠡᠵᠡᠮᠰᠢᠯ) ᠭᠡᠵᠦ ᠪᠤᠢ᠃ ᠡᠨᠡ ᠬᠤᠶᠠᠷ ᠡᠵᠡᠮᠰᠢᠯ ᠰᠤᠷᠤᠯᠴᠠᠯᠭ᠎ᠠ ᠬᠤᠭᠤᠷᠤᠨᠳᠤ ᠶᠢᠨ ᠠᠳᠠᠯᠢᠪᠲᠤᠷ ᠲᠠᠯ᠎ᠠ ᠪᠠ ᠵᠦᠷᠢᠶᠡᠨ ᠲᠡᠢ ᠲᠠᠯ᠎ᠠ ᠶᠢ ᠢᠯᠡᠷᠡᠭᠦᠯᠬᠦ ᠨᠢ ᠮᠦᠨ ᠭᠠᠳᠠᠭᠠᠳᠤ ᠬᠡᠯᠡᠨ ᠦ ᠵᠢᠭᠠᠨ ᠰᠤᠷᠭᠠᠯᠲᠠ ᠳᠡᠭᠡᠷ᠎ᠡ ᠶᠠᠮᠠᠷ ᠨᠢᠭᠡᠨ ᠰᠡᠩᠬᠡᠷᠡᠭᠦᠯᠦᠯ ᠪᠤᠯᠬᠤ ᠪᠠᠢᠭ᠎ᠠ ᠭᠡᠳᠡᠭ ᠳᠡᠭᠡᠷ᠎ᠡ ᠡᠷᠳᠡᠮᠲᠡᠳ ᠰᠠᠨᠠᠯ ᠨᠢᠭᠡᠲᠡᠢ ᠲᠤᠯᠠ᠂ ᠡᠨᠡ ᠲᠤᠬᠠᠢ ᠰᠤᠳᠤᠯᠭᠠᠨ ᠶᠠᠪᠤᠭᠳᠠᠭᠰᠠᠭᠠᠷ ᠢᠷᠡᠭᠰᠡᠨ ᠶᠤᠮ᠃ ᠦᠭᠦᠯᠡᠯ ᠳᠦ ᠵᠢᠭᠠᠨ ᠰᠤᠷᠭᠠᠯᠲᠠ ᠶᠢᠨ ᠪᠤᠳᠠᠲᠤ ᠠᠰᠢᠭᠯᠠᠯᠲᠠ ᠶᠢᠨ ᠲᠤᠰᠠᠲᠠ᠂ ᠬᠡᠯᠡ ᠡᠵᠡᠮᠰᠢᠯ (言语翌得) ᠪᠠ ᠵᠢᠭᠠᠨ ᠰᠤᠷᠭᠠᠬᠤ ᠠᠷᠭ᠎ᠠ ᠶᠢᠨ ᠬᠠᠷᠢᠴᠠᠭᠠᠨ ᠤ ᠲᠠᠯ᠎ᠠ ᠠᠴᠠ ᠵᠠᠷᠢᠮ ᠵᠢᠭᠠᠨ ᠰᠤᠷᠭᠠᠬᠤ ᠠᠷᠭ᠎ᠠ ᠶᠢ ᠬᠡᠷᠬᠢᠨ ᠠᠰᠢᠭᠯᠠᠬᠤ ᠲᠤᠬᠠᠢ ᠦᠪᠡᠷ ᠦᠨ ᠪᠤᠳᠠᠲᠤ ᠵᠢᠭᠠᠨ ᠰᠤᠷᠭᠠᠯᠲᠠ ᠶᠢᠨ ᠦᠢᠯᠡᠳᠦᠯᠭᠡ ᠲᠡᠢ ᠤᠶᠠᠯᠳᠤᠭᠤᠯᠤᠨ ᠳ᠋ᠦᠩᠨᠡᠯᠲᠡ ᠬᠢᠬᠦ ᠶᠢ ᠵᠤᠷᠢᠭᠰᠠᠨ ᠶᠤᠮ᠃ |
原文 |
查看原文
|
出自 |
中国蒙古学
2015年
第1期
|