论文信息


题名 ᠴᠤᠭ ᠤᠨ ᠤᠷᠠᠨ ᠵᠢᠷᠤᠭ ᠤᠨ ᠤᠷᠠᠯᠢᠭ ᠤᠨ ᠬᠡᠪ ᠨᠠᠮᠪᠠ ᠶᠢ ᠰᠢᠨᠵᠢᠯᠡᠬᠦ ᠨᠢ
作者 ᠪᠤᠤ ᠱᠤᠸᠠᠩ ᠮᠧᠢ
关键词 ᠴᠤᠭ; ᠤᠷᠠᠨ ᠵᠢᠷᠤᠭ; ᠬᠦᠮᠦᠨᠯᠢᠭ ᠦᠨ ᠵᠤᠷᠢᠭ ᠰᠠᠨᠠᠭ᠎ᠠ
摘要 ᠴᠤᠭ ᠪᠤᠯ ᠳᠤᠮᠳᠠᠳᠤ ᠤᠯᠤᠰ ᠤᠨ ᠣᠷᠴᠢᠨ ᠦᠶ᠎ᠡ ᠶᠢᠨ ᠤᠷᠠᠯᠢᠭ ᠤᠨ ᠲᠠᠪᠴᠠᠩ ᠳᠠᠬᠢ ᠤᠷᠠᠨ ᠵᠢᠷᠤᠭ ᠵᠢᠷᠤᠭᠯᠠᠨ ᠪᠦᠲᠦᠭᠡᠬᠦ ᠢᠲᠡᠭᠡᠯ ᠵᠤᠷᠢᠭ ᠪᠠ ᠬᠦᠰᠡᠯᠡᠩ ᠢᠶᠡᠨ ᠪᠠᠲᠤ ᠪᠠᠷᠢᠮᠲᠠᠯᠠᠵᠤ ᠢᠷᠡᠭᠰᠡᠨ ᠤᠷᠠᠯᠢᠭᠴᠢᠳ ᠤᠨ ᠨᠢᠭᠡ ᠨᠢ ᠪᠤᠯᠤᠨ᠎ᠠ᠃ ᠲᠡᠭᠦᠨ ᠦ ᠵᠢᠷᠤᠭᠯᠠᠨ ᠪᠦᠲᠦᠭᠡᠬᠦ ᠵᠤᠷᠢᠭ ᠰᠠᠨᠠᠭ᠎ᠠ᠂ ᠦᠪᠡᠷᠮᠢᠴᠡ ᠦᠵᠡᠯᠲᠡ ᠲᠠᠨᠢᠯᠲᠠ ᠪᠠ ᠴᠤᠴᠠᠰᠢ ᠦᠭᠡᠢ ᠴᠢᠷᠮᠠᠢᠨ ᠠᠵᠢᠯᠯᠠᠬᠤ ᠦᠢᠯᠡᠰ ᠦᠨ ᠪᠠᠲᠤ ᠵᠤᠭᠰᠤᠯᠲᠠ ᠨᠢ ᠤᠷᠠᠨ ᠵᠢᠷᠤᠭ ᠤᠨ ᠬᠢᠨᠢ ᠦᠪᠡᠷᠮᠢᠴᠡ ᠬᠡᠪ ᠨᠠᠮᠪᠠ ᠶᠢ ᠪᠦᠷᠢᠯᠳᠦᠭᠦᠯᠵᠡᠢ᠃ ᠲᠡᠭᠦᠨ ᠦ ᠤᠷᠠᠨ ᠵᠢᠷᠤᠭ ᠤᠨ ᠪᠦᠲᠦᠭᠡᠯ ᠨᠢ ᠲᠡᠦᠬᠡ ᠶᠢᠨ ᠦᠨᠡᠨ ᠢ ᠳᠤᠰᠬᠠᠵᠤ ᠴᠢᠳᠠᠬᠤᠢᠴᠠ ᠢᠯᠡ ᠲᠤᠳᠤᠷᠬᠠᠢ ᠦᠪᠡᠷᠮᠢᠴᠡ ᠣᠨᠴᠠᠯᠢᠭ ᠲᠠᠢ ᠪᠠᠢᠵᠤ᠂ ᠡᠨᠡ ᠣᠨᠴᠠᠯᠢᠭ ᠨᠢ ᠭᠤᠤᠯᠳᠠᠭᠤ ᠲᠠᠯ᠎ᠠ ᠨᠤᠲᠤᠭ ᠢᠶᠠᠨ ᠬᠠᠢᠷᠠᠯᠠᠬᠤ᠂ ᠲᠠᠯ᠎ᠠ ᠨᠤᠲᠤᠭ ᠤᠨ ᠰᠤᠶᠤᠯ ᠤᠨ ᠨᠢᠭᠤᠴᠠ ᠶᠢ ᠬᠠᠢᠨ ᠰᠦᠪᠡᠭᠴᠢᠯᠡᠬᠦ ᠶᠠᠪᠤᠴᠠ ᠳᠤ ᠢᠯᠡᠷᠡᠵᠦ ᠪᠠᠢᠭ᠎ᠠ ᠶᠤᠮ᠃ ᠦᠭᠦᠯᠡᠯ ᠳᠦ᠂ ᠴᠤᠭ ᠤᠨ ᠤᠷᠠᠨ ᠵᠢᠷᠤᠭ ᠤᠨ ᠤᠷᠠᠯᠢᠭ ᠤᠨ ᠣᠨᠴᠠᠯᠢᠭ ᠪᠠ ᠵᠢᠷᠤᠭᠯᠠᠨ ᠪᠦᠲᠦᠭᠡᠬᠦ ᠬᠡᠪ ᠨᠠᠮᠪᠠ ᠵᠡᠷᠭᠡ ᠶᠢ ᠲᠠᠢᠯᠪᠤᠷᠢᠯᠠᠬᠤ ᠪᠠᠷ ᠳᠠᠮᠵᠢᠵᠤ᠂ ᠴᠤᠭ ᠤᠨ ᠲᠤᠰᠤᠨ ᠵᠢᠷᠤᠭ ᠤᠨ ᠪᠦᠲᠦᠭᠡᠯ ᠦᠨ ᠦᠪᠡᠷᠮᠢᠴᠡ ᠬᠠᠷᠠᠭᠠᠰᠤ ᠶᠢ ᠨᠢ ᠵᠠᠳᠠᠯᠤᠨ ᠰᠢᠨᠵᠢᠯᠡᠵᠡᠢ᠃
原文 查看原文
出自 中国蒙古学 2015年 第1期

联系我们


内蒙古大学图书馆
呼和浩特市大学西路235号
中国·内蒙古
P: (0471) 4992561
E: huangfeilong@imu.edu.cn