题名 |
ᠤᠯᠤᠰ ᠪᠠᠢᠭᠤᠯᠤᠭᠳᠠᠭᠰᠠᠨ ᠡᠬᠢᠨ ᠤ ᠦᠶ᠎ᠡ ᠶᠢᠨ ᠦᠪᠦᠷ ᠮᠤᠩᠭᠤᠯ ᠤᠨ ᠪᠠᠷᠠᠭᠤᠨ ᠤᠷᠤᠨ ᠤ ᠠᠷᠠᠳᠴᠢᠯᠠᠭᠰᠠᠨ ᠲᠦᠷᠦ ᠶᠢᠨ ᠡᠷᠭᠡ ᠶᠢᠨ ᠪᠠᠢᠭᠤᠯᠤᠯᠳᠠ |
作者 |
ᠴᠡᠩᠬᠡᠯᠳᠤ |
关键词 |
ᠦᠪᠦᠷ ᠮᠤᠩᠭᠤᠯ ; ᠪᠠᠷᠠᠭᠤᠨ ᠤᠷᠤᠨ; ᠠᠷᠠᠳᠴᠢᠯᠠᠭᠰᠠᠨ ᠲᠦᠷᠦ ᠶᠢᠨ ᠡᠷᠭᠡ |
摘要 |
ᠲᠡᠭᠡᠷ᠎ᠡ ᠵᠠᠭᠤᠨ ᠤ ᠬᠤᠷᠢᠳᠤᠭᠠᠷ ᠵᠠᠭᠤᠨ ᠤ ᠰᠡᠬᠦᠯᠴᠢ ᠪᠠᠷ ᠦᠪᠦᠷᠳ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠷᠠᠭᠤᠨ ᠤᠷᠤᠨ ᠤ ᠬᠦᠬᠡᠬᠤᠳᠠ᠂ ᠪᠤᠭᠤᠳᠤ ᠬᠤᠳᠠ᠂ ᠤᠷᠳᠤᠰ ᠬᠤᠳᠠ(ᠤᠤᠯ ᠤᠨ ᠶᠡᠭᠡ ᠵᠤᠤ ᠠᠢᠮᠠᠭ》 ᠵᠢᠴᠢ ᠤᠯᠠᠭᠠᠨᠴᠠᠪ ᠬᠤᠳᠠ(ᠤᠤᠯ ᠤᠨ ᠤᠯᠠᠭᠠᠨᠴᠠᠪ ᠠᠢᠮᠠᠭ》᠋ ᠶᠢᠨ ᠤᠯᠠᠩᠬᠢ ᠬᠤᠰᠢᠭᠤ ᠰᠢᠶᠠᠨ ᠨᠢ ᠰᠦᠢᠶᠤᠸᠠᠨ ᠮᠤᠵᠢ ᠳᠤ ᠬᠠᠷᠢᠶᠠᠯᠠᠭᠳᠠᠵᠦ ᠪᠠᠢᠵᠡᠢ᠃ ᠤᠯᠤᠰ ᠪᠠᠢᠭᠤᠯᠤᠭᠳᠠᠭᠰᠠᠨ ᠡᠬᠢᠨ ᠤ ᠦᠶ᠎ᠡ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠂ ᠡᠨᠳᠡ ᠠᠷᠠᠳᠴᠢᠯᠠᠯ ᠶᠢᠡᠷ ᠵᠠᠰᠠᠭ ᠪᠠᠢᠭᠤᠯᠬᠤ ᠠᠵᠢᠯ ᠢ ᠦᠷᠭᠡᠨ ᠶᠢᠡᠷ ᠦᠷᠨᠢᠬᠦᠯᠪᠡ᠃ ᠭᠤᠷᠪᠠᠨ ᠵᠢᠯ ᠭᠠᠷᠤᠢ ᠪᠤᠯᠤᠭᠠᠳ ᠠᠷᠠᠳᠴᠢᠯᠠᠭᠰᠠᠨ ᠵᠠᠰᠠᠭ ᠤᠨ ᠡᠷᠭᠡ ᠶᠢᠨ ᠪᠠᠢᠭᠤᠯᠤᠯᠳᠠ ᠶᠢᠨ ᠠᠵᠢᠯ ᠯᠤᠳᠤ ᠶᠡᠭᠡ ᠠᠮᠵᠢᠯᠳᠠ ᠤᠯᠤᠭᠰᠠᠨ ᠶᠤᠮ᠃ ᠪᠦᠬᠦ ᠮᠤᠵᠢ ᠪᠠᠷ ᠶᠢᠡᠨ ᠬᠤᠳᠠ ᠡᠴᠡ ᠦᠷᠭᠡᠨ ᠠᠭᠤᠳᠠᠮ ᠬᠦᠳᠡᠭᠡ ᠲᠤᠰᠬᠤᠨ ᠮᠠᠯᠵᠢᠬᠤ ᠤᠷᠤᠨ ᠬᠦᠷᠳᠡᠯ᠎ᠡ ᠪᠦᠷ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠢ ᠪᠠᠢᠭᠤᠯᠵᠦ᠂ ᠡᠬᠦᠨ ᠤ ᠬᠠᠮᠳᠤ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯᠳᠤᠭᠠᠨ ᠢ ᠨᠠᠢᠳᠠᠮ ᠬᠤᠷᠠᠯᠳᠠᠭᠤᠯᠵᠦ᠂ ᠦᠨᠳᠤᠰᠤᠳᠡᠨ ᠨᠤᠬᠦᠳ ᠤᠨ ᠠᠷᠠᠳ ᠲᠦᠮᠡᠨ ᠡᠵᠡᠨ ᠰᠠᠭᠤᠵᠦ ᠡᠷᠭᠡ ᠠᠳᠬᠤᠭᠰᠠᠨ ᠪᠠᠢᠨ᠎ᠠ᠃ ᠲᠡᠷᠡᠴᠢᠯᠡᠨ ᠡᠯ᠎ᠡ ᠵᠤᠢᠯ ᠤᠨ ᠨᠠᠢᠭᠡᠮ ᠤᠨ ᠠᠷᠠᠳᠴᠢᠯᠠᠭᠰᠠᠨ ᠦᠭᠡᠷᠡᠴᠢᠯᠡᠯᠳᠡ ᠶᠢᠨ ᠬᠦᠳᠡᠯᠭᠡᠭᠡᠨ ᠢ ᠬᠦᠴᠦᠳᠡᠢ ᠦᠷᠨᠢᠭᠦᠯᠵᠦ ᠦᠷᠭᠡᠨ ᠬᠡᠪᠴᠢᠶ᠎ᠡ ᠪᠡᠷ ᠠᠵᠤ ᠠᠬᠤᠢ ᠶᠢᠨ ᠪᠦᠳᠤᠭᠡᠨ ᠪᠠᠢᠭᠤᠯᠤᠯᠳᠠ ᠬᠢᠵᠦ ᠨᠠᠢᠳᠠᠮ ᠳ᠋ᠡᠭᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠬᠡᠷᠡᠭᠵᠢᠬᠦᠯᠦᠭᠰᠡᠨ ᠪᠠᠢᠨ᠎ᠠ᠃ |
原文 |
查看原文
|
出自 |
中国蒙古学
2014年
第6期
|