题名 |
ᠤᠷᠴᠢᠭᠤᠯᠭ᠎ᠠ ᠳ᠋ᠡᠬᠢ ᠭᠤᠣ᠎ᠠ ᠰᠠᠢ᠌ᠢᠬᠠᠨ ᠤ ᠲᠠᠭᠠᠰᠢᠶᠠᠯ ᠵᠢᠴᠢ ᠬᠠᠢ᠌ᠢᠷ᠎ᠠ ᠰᠡᠳᠭᠢᠯᠭᠡ ᠶᠢᠨ ᠤᠷᠤᠯᠠᠭᠤᠯᠤᠯ ᠤᠨ ᠲᠤᠬᠠᠢ ᠦᠭᠦᠯᠡᠬᠦ ᠨᠢ |
作者 |
ᠪᠤᠤ ᠯᠢᠩ ᠯᠢᠩ |
关键词 |
ᠤᠷᠴᠢᠭᠤᠯᠭ᠎ᠠ ᠶᠢᠨ ᠠᠵᠢᠯᠯᠠᠭ᠎ᠠ; ᠭᠤᠣ᠎ᠠ ᠰᠠᠢ᠌ᠬᠠᠨ ᠤ ᠲᠠᠭᠠᠰᠢᠶᠠᠯ; ᠬᠠᠢ᠌ᠢᠷ᠎ᠠ ᠰᠡᠳᠭᠢᠯᠭᠡ ᠶᠢᠨ ᠤᠷᠤᠯᠠᠭᠤᠯᠤᠯ |
摘要 |
ᠤᠷᠴᠢᠭᠤᠯᠭ᠎ᠠ ᠨᠢ ᠬᠡᠯᠡᠨ ᠤ ᠰᠤᠯᠢᠭᠳᠠᠯ᠂ ᠰᠤᠶᠤᠯ ᠤᠨ ᠰᠤᠯᠢᠯᠴᠠᠭ᠎ᠠ ᠪᠤᠯᠬᠤ ᠪᠡᠷ ᠪᠠᠷᠠᠬᠤ ᠦᠭᠡᠢ᠂ ᠪᠠᠰᠠ ᠰᠡᠳᠭᠢᠯᠭᠡ ᠪᠠᠨ ᠰᠢᠯᠵᠢᠭᠦᠯᠬᠦ ᠠᠵᠢᠯᠯᠠᠭ᠎ᠠ ᠪᠤᠯᠬᠤ ᠶᠤᠮ᠃ ᠪᠦᠬᠦᠢ᠌ᠯᠡ ᠤᠷᠴᠢᠭᠤᠯᠭ᠎ᠠ ᠶᠢᠨ ᠶᠠᠪᠤᠴᠠ ᠳᠤ ᠡᠬᠢᠨ ᠡᠴᠡ ᠠᠳᠠᠭ ᠲᠤ ᠨᠢ ᠬᠦᠷᠳᠡᠯ᠎ᠡ ᠴᠦᠮ ᠭᠤᠣ᠎ᠠ ᠰᠠᠢ᠌ᠬᠠᠨ ᠤ ᠲᠠᠭᠠᠰᠢᠶᠠᠯ ᠪᠠ ᠰᠡᠳᠭᠢᠯᠭᠡ ᠶᠢᠨ ᠰᠢᠯᠵᠢᠭᠦᠯᠦᠯ ᠲᠤᠭᠤᠰᠢᠯᠠᠭᠳᠠᠵᠤ ᠪᠠᠢ᠌ᠭ᠎ᠠ ᠶᠤᠮ᠃ ᠠᠯᠢᠪᠠ ᠰᠢᠯᠢᠳᠡᠭ ᠪᠦᠳᠦᠭᠡᠯ᠂ ᠰᠠᠢ᠌ᠨ ᠵᠤᠬᠢᠶᠠᠯ ᠨᠢ ᠪᠦᠷ ᠦᠪᠡᠷ ᠤᠨ ᠶᠢᠡᠨ ᠤᠨᠴᠠᠯᠢᠭ ᠲᠠᠢ ᠭᠤᠣ᠎ᠠ ᠰᠠᠢ᠌ᠬᠠᠨ ᠤ ᠡᠯᠸᠮᠸᠨ᠋ᠲ᠋ ᠲᠠᠢ ᠪᠠᠢ᠌ᠳᠠᠭ᠃ ᠤᠷᠴᠢᠭᠤᠯᠤᠭᠴᠢ ᠨᠢ ᠤᠭ ᠵᠤᠬᠢᠶᠠᠯ ᠲᠠᠢ ᠭᠦᠨᠵᠡᠭᠡᠢ ᠬᠠᠢ᠌ᠷ᠎ᠠ ᠰᠡᠳᠭᠢᠯᠭᠡ ᠲᠠᠢ ᠪᠤᠯᠤᠭᠰᠠᠨ ᠦᠶᠡᠰ ᠰᠠᠶᠢ ᠵᠤᠬᠢᠶᠠᠨ ᠪᠦᠳᠦᠭᠡᠬᠦ ᠤᠷᠮ᠎ᠠ ᠵᠤᠷᠢᠭ ᠪᠠ ᠴᠢᠳᠠᠪᠤᠷᠢ ᠪᠠ ᠪᠠᠳᠠᠷᠠᠭᠤᠯᠵᠤ ᠴᠢᠳᠠᠳᠠᠭ᠃ ᠡᠨᠡ ᠬᠦ ᠴᠢᠳᠠᠪᠤᠷᠢ ᠨᠢ ᠵᠤᠬᠢᠶᠠᠮᠵᠢ ᠶᠢᠨ ᠰᠤᠨᠢᠨ ᠰᠠᠢ᠌ᠬᠠᠨ᠂ ᠦᠭᠡ ᠬᠡᠯᠡᠯᠭᠡ ᠶᠢᠨ ᠭᠤᠶᠤ ᠭᠡᠭᠡᠨᠴᠢᠷ᠂ ᠲᠦᠷᠢ ᠲᠦᠷᠰᠦᠯᠡᠯ ᠤᠨ ᠠᠮᠢᠳᠤ ᠲᠦᠷᠰᠦᠯᠢᠭ᠂ ᠬᠤᠯᠪᠤᠨ ᠪᠤᠳᠤᠯᠳᠠ ᠶᠢᠨ ᠡᠯᠪᠡᠭ᠌ ᠪᠠᠶᠠᠯᠢᠭ ᠶᠢᠡᠷ ᠢᠯᠡᠷᠡᠳᠡᠭ ᠶᠤᠮ᠃ ᠤᠷᠴᠢᠭᠤᠯᠤᠭᠴᠢ ᠡᠴᠡ ᠪᠦᠬᠦ ᠰᠡᠳᠭᠢᠯ ᠪᠦᠬᠦ ᠵᠤᠷᠢᠭ ᠶᠢᠡᠷ ᠤᠷᠴᠢᠭᠤᠯᠭ᠎ᠠ ᠳᠤ ᠪᠠᠨ ᠭᠦᠨᠵᠡᠭᠡᠢ᠌ᠷᠡᠬᠦ ᠬᠡᠷᠭᠳᠡᠢ᠃ ᠢᠩᠭᠢᠪᠠᠯ ᠰᠠᠶ᠋ᠢ ᠨᠢᠭᠡᠨ ᠦᠨᠦᠷ ᠠᠮᠳᠠ ᠲᠠᠢ᠂ ᠭᠤᠶᠤ ᠰᠠᠢ᠌ᠬᠠᠨ ᠤᠷᠴᠢᠭᠤᠯᠤᠭᠰᠠᠨ ᠪᠦᠳᠦᠭᠡᠯ ᠢ ᠲᠤᠭᠤᠷᠪᠢᠵᠤ ᠴᠢᠳᠠᠬᠤ ᠶᠤᠮ᠃ |
原文 |
查看原文
|
出自 |
赤峰学院学报(蒙文哲学社会科学版)
2015年
第6期
|