摘要 |
ᠴᠢᠩᠭᠢᠰ ᠬᠠᠭᠠᠨ ᠮᠤᠩᠭ᠋ᠤᠯ ᠬᠠᠭᠠᠨᠳᠤ ᠤᠯᠤᠰ ᠢ ᠪᠠᠢ᠌ᠭᠤᠯᠤᠭᠰᠠᠨ ᠤ ᠰᠡᠭᠦᠯᠡᠷ ᠴᠢᠩᠭᠢᠰ ᠬᠠᠭᠠᠨ ᠪᠠ ᠲᠡᠭᠦᠨ ᠤ ᠦᠷ᠎ᠡ ᠬᠡᠦᠬᠡᠳ ᠲᠤ ᠤᠨᠴᠠᠭᠠᠢ ᠲᠤᠰᠠ ᠲᠡᠮᠵᠢᠯᠭᠡ ᠦᠵᠡᠭᠦᠯᠦᠭᠰᠡᠨ ᠬᠦᠮᠦᠰ ᠲᠤ ᠲᠠᠷᠬᠠᠨ ᠴᠤᠯᠠ ᠰᠤᠶᠤᠷᠬᠠᠵᠤ ᠱᠠᠩᠨᠠᠭᠰᠠᠨ ᠪᠢᠯᠡ᠃ ᠴᠢᠩᠭᠢᠰ ᠬᠠᠭᠠᠨ ᠤ ᠡᠭᠦᠳᠦᠨ ᠪᠦᠳᠦᠭᠡᠭ᠍ᠰᠡᠨ ᠡᠨᠡ ᠬᠦ ᠰᠤᠶᠤᠷᠬᠠᠯ ᠮᠤᠩᠭ᠋ᠤᠯ ᠬᠠᠭᠠᠨᠳᠤ ᠤᠯᠤᠰ ᠤᠨ ᠠᠯᠤᠰ ᠢᠷᠡᠭᠡᠳᠦᠢ ᠳᠤ ᠵᠦᠢᠷᠯᠡᠰᠢ ᠦᠭᠡᠢ ᠦᠢᠯᠡᠳᠦᠯ ᠦᠵᠡᠭᠦᠯᠵᠦ᠂ ᠮᠤᠩᠭ᠋ᠤᠯ ᠦᠨᠳᠦᠰᠦᠳᠡᠨ ᠤ ᠨᠠᠢᠮᠠᠨ ᠵᠠᠭᠤᠨ ᠵᠢᠯ ᠤᠨ ᠬᠦᠭ᠍ᠵᠢᠯᠳᠡ ᠳᠤ ᠤᠷᠤᠯᠠᠵᠤ ᠪᠤᠯᠤᠰᠢ ᠦᠭᠡᠢ ᠵᠢᠳᠭᠦᠯ ᠭᠠᠷᠠᠭᠰᠠᠨ ᠪᠠᠢ᠌ᠨ᠎ᠠ᠃ ᠵᠤᠬᠢᠶᠠᠭᠴᠢ ᠬᠠᠮᠢᠶ᠎ᠠ ᠪᠦᠬᠦᠢ ᠮᠠᠲ᠋ᠸᠷᠢᠶᠠᠯ ᠳᠤ ᠰᠠᠭᠤᠷᠢᠯᠠᠨ᠂ ᠮᠤᠩᠭ᠋ᠤᠯ ᠬᠠᠭᠠᠨᠳᠤ ᠤᠯᠤᠰ ᠤᠨ ᠦᠶ᠎ᠡ ᠶᠢᠨ ᠲᠠᠷᠬᠠᠳ ᠤᠨ ᠢᠷᠡᠯᠳᠡ᠂ ᠭᠠᠪᠢᠶ᠎ᠠ ᠵᠢᠳᠭᠦᠯ᠂ ᠱᠩᠨᠠᠯ ᠰᠤᠶᠤᠷᠬᠠᠯ ᠬᠦᠷᠳᠡᠭᠰᠡᠨ ᠪᠤᠳᠠᠳᠤ ᠬᠦᠮᠦᠨ ᠤ ᠲᠤᠬᠠᠢ ᠲᠤᠪᠴᠢᠯᠠᠨ ᠲᠤᠷᠠᠳᠬᠤ ᠪᠤᠯᠤᠨ᠎ᠠ᠃ |