题名 |
ᠦᠪᠦᠷ ᠮᠣᠩᠭᠤᠯ ᠤᠨ ᠣᠳᠣ ᠦᠶ᠎ᠡ ᠶᠢᠨ ᠲᠤᠰᠤᠨ ᠪᠤᠳᠤᠭ ᠤᠨ ᠵᠢᠷᠤᠭ ᠲᠤ ᠦᠵᠡᠭᠦᠯᠦᠭᠰᠡᠨ ᠲᠠᠯ᠎ᠠ ᠨᠤᠲᠤᠭ ᠤᠨ ᠰᠤᠶᠤᠯ ᠤᠨ ᠨᠦᠯᠦᠭᠡ ᠶᠢ ᠦᠭᠦᠯᠡᠬᠦ ᠨᠢ |
作者 |
ᠪᠤᠤ ᠱᠤᠸᠠᠩ ᠮᠧᠢ |
关键词 |
ᠲᠠᠯ᠎ᠠ ᠨᠤᠲᠤᠭ ᠤᠨ ᠰᠤᠶᠤᠯ; ᠦᠪᠦᠷ ᠮᠣᠩᠭᠤᠯ; ᠣᠳᠣ ᠦᠶ᠎ᠡ; ᠲᠤᠰᠤᠨ ᠪᠤᠳᠤᠭ ᠤᠨ ᠵᠢᠷᠤᠭ |
摘要 |
ᠣᠷᠤᠨ ᠨᠤᠲᠤᠭ ᠤᠨ ᠰᠤᠶᠤᠯ ᠤᠨ ᠡᠭᠦᠰᠦᠯᠲᠡ ᠶᠢᠨ ᠤᠬᠠᠭᠠᠨ ᠤ ᠬᠠᠷᠠᠭᠠᠰᠤ ᠠᠴᠠ ᠦᠵᠡᠬᠦ ᠳᠦ ᠂ ᠤᠷᠲᠤ ᠤᠳᠠᠭᠠᠨ ᠲᠡᠦᠬᠡ ᠶᠢᠨ ᠶᠠᠪᠤᠴᠠ ᠳᠤ ᠬᠦᠮᠦᠨ ᠪᠡ ᠪᠠᠢ᠌ᠭᠠᠯᠢ ᠨᠢᠭ᠌ᠲᠠ ᠬᠤᠯᠪᠤᠭ᠎ᠠ ᠲᠠᠢ ᠪᠠᠢ᠌ᠵᠤ᠂ ᠠᠳᠠᠯᠢ ᠪᠤᠰᠤ ᠣᠷᠤᠨ ᠨᠤᠲᠤᠭ ᠤᠨ ᠣᠷᠴᠢᠨ ᠲᠤᠭᠤᠷᠢᠨ ᠳᠤ ᠠᠳᠠᠯᠢ ᠪᠤᠰᠤ ᠣᠷᠤᠨ ᠨᠤᠲᠤᠭ ᠤᠨ ᠰᠤᠶᠤᠯ ᠪᠤᠢ ᠪᠤᠯᠤᠭᠰᠠᠨ ᠶᠤᠮ᠃ ᠣᠷᠤᠨ ᠨᠤᠲᠤᠭ ᠤᠨ ᠰᠤᠶᠤᠯ ᠪᠦᠷᠢ ᠨᠢ ᠶᠠᠷᠢᠶᠠᠨ ᠦᠭᠡᠢ ᠳᠠᠬᠢᠭᠠᠳ ᠭᠠᠵᠠᠷ ᠵᠦᠢ ᠶᠢᠨ ᠣᠷᠴᠢᠨ ᠲᠤᠭᠤᠷᠢᠨ ᠲᠠᠢ ᠪᠠᠨ ᠵᠤᠬᠢᠴᠠᠭᠰᠠᠨ ᠡᠶ᠎ᠡ ᠨᠠᠢ᠌ᠷᠠᠮᠳᠠᠭᠤ ᠬᠠᠮᠲᠤᠯᠢᠭ ᠤᠨ ᠰᠢᠨᠵᠢ ᠪᠦᠬᠦᠢ ᠰᠤᠶᠤᠯ ᠤᠨ ᠭᠤᠤ᠎ᠠ ᠲᠠᠭᠠᠰᠢᠶᠠᠯ ᠤᠨ ᠰᠡᠳᠬᠢᠴᠡ ᠶᠢ ᠪᠤᠢ ᠪᠤᠯᠭᠠᠨ ᠡᠭᠦᠨ ᠢᠶᠡᠷ ᠳᠠᠮᠵᠢᠨ ᠤᠷᠠᠯᠢᠭ ᠤᠨ ᠤᠯᠠᠮᠵᠢᠯᠠᠯ ᠳᠤᠮᠳᠠ ᠦᠪᠡᠷ ᠲᠤᠨᠢ ᠣᠨᠴᠠ ᠪᠠᠢ᠌ᠳᠠᠭ ᠨᠢᠭᠤᠴᠠ ᠲᠡᠮᠳᠡᠭ ᠢᠶᠡᠨ ᠦᠯᠡᠳᠡᠭᠡᠭ᠍ᠰᠡᠨ ᠶᠤᠮ᠃ ᠲᠠᠯ᠎ᠠ ᠨᠤᠲᠤᠭ ᠤᠨ ᠰᠤᠶᠤᠯ ᠤᠨ ᠦᠷᠭᠡᠨ ᠳᠡᠯᠭᠡᠷ ᠵᠤᠷᠢᠭ ᠰᠠᠨᠠᠭ᠎ᠠ᠂ ᠲᠡᠭᠦᠨ ᠦ ᠤᠷᠲᠤ ᠤᠳᠠᠭᠠᠨ ᠲᠡᠦᠬᠡ ᠵᠢᠴᠢ ᠭᠦᠨ ᠵᠤᠵᠠᠭᠠᠨ ᠰᠤᠶᠤᠯ ᠤᠨ ᠲᠤᠨᠤᠳᠠᠰᠤ ᠨᠢ ᠦᠪᠦᠷ ᠮᠣᠩ᠋ᠭᠤᠯ ᠤᠨ ᠤᠷᠠᠯᠢᠭᠴᠢᠳ ᠲᠤ ᠵᠤᠬᠢᠶᠠᠨ ᠪᠦᠲᠦᠭᠡᠬᠦ ᠡᠯᠪᠡᠭ᠌ ᠪᠠᠶᠠᠯᠢᠭ ᠡᠬᠢ ᠰᠤᠷᠪᠤᠯᠵᠢ ᠶᠢ ᠬᠠᠩ᠋ᠭᠠᠵᠤ ᠦᠭᠴᠡᠢ᠃ ᠡᠢ᠌ᠮᠦ ᠡᠴᠡ ᠦᠪᠦᠷ ᠮᠣᠩ᠋ᠭᠤᠯ ᠤᠨ ᠤᠷᠠᠯᠢᠭᠴᠢᠳ ᠤᠨ ᠪᠦᠲᠦᠭᠡᠯ ᠦᠨ ᠬᠦᠮᠦᠰ ᠲᠦ ᠤᠯᠠᠮᠵᠢᠯᠠᠵᠤ ᠪᠠᠢ᠌ᠭ᠎ᠠ ᠨᠢ ᠲᠠᠯ᠎ᠠ ᠨᠤᠲᠤᠭ ᠤᠨ ᠦᠨᠳᠦᠰᠦᠲᠡᠨ ᠲᠦᠮᠡᠨ ᠦ ᠭᠦᠨ ᠭᠦᠨᠵᠡᠭᠡᠢ ᠰᠤᠶᠤᠯ ᠤᠨ ᠠᠭᠤᠯᠭ᠎ᠠ ᠪᠤᠯᠤᠨ ᠠᠰᠤᠷᠤ ᠶᠡᠬᠡ ᠵᠤᠷᠢᠭ ᠰᠠᠨᠭᠠᠨ ᠤ ᠬᠦᠴᠦᠨ ᠪᠤᠯᠤᠨ᠎ᠠ᠃ |
原文 |
查看原文
|
出自 |
中国蒙古学
2014年
第2期
|