题名 |
ᠬᠣᠲᠠ ᠶᠢᠨ ᠬᠠᠮᠢᠶᠠᠷᠤᠯᠳᠠ ᠳ᠋ᠡᠬᠢ ᠬᠦᠴᠦᠷᠭᠡᠭ᠍ᠯᠡᠯᠲᠦ ᠬᠠᠤᠯᠢ ᠬᠡᠷᠡᠭᠵᠢᠭᠦᠯᠦᠯᠲᠡ ᠵᠢ ᠵᠠᠰᠠᠭ ᠵᠠᠬᠢᠷᠭᠠᠨ ᠤ ᠬᠠᠤᠯᠢ ᠶᠢᠨ ᠡᠭᠦᠳᠡᠨ ᠡᠴᠡ ᠵᠠᠳᠠᠯᠬᠤ ᠨᠢ |
作者 |
ᠤᠶᠤᠨᠲ᠋ᠣᠯᠢ |
关键词 |
ᠬᠣᠳᠠ ᠶᠢᠨ ᠬᠠᠮᠢᠶᠠᠷᠤᠯᠲᠠ; ᠬᠦᠴᠦᠷᠭᠡᠭᠯᠡᠯᠲᠦ ᠬᠠᠤᠯᠢ ᠬᠡᠷᠡᠭᠵᠢᠭᠦᠯᠦᠯ; ᠵᠠᠰᠠᠭ᠎ᠠ ᠵᠠᠬᠢᠷᠬ᠋ᠠᠨ ᠤ ᠬᠠᠤᠯᠢ |
摘要 |
ᠨᠢᠭᠡ ᠤᠯᠤᠰ ᠤᠨᠨᠡᠢᠢᠭᠡᠮ ᠤᠨ ᠬᠠᠮᠢᠶᠠᠷᠤᠯᠲᠠ ᠳ᠋ᠤ ᠠᠯᠢᠪᠡ ᠬᠠᠮᠢᠶᠠᠷᠤᠯᠳᠠ ᠶᠢᠨ ᠪᠡᠶᠡᠴᠢ ᠴᠣᠭᠴᠠ ᠬᠢᠭᠡᠳ ᠬᠠᠮᠢᠶᠠᠷᠤᠯᠳᠠ ᠶᠢᠨ ᠠᠵᠢᠯᠯᠠᠭᠠᠨ ᠨᠢ ᠪᠦᠷ ᠡᠷᠭᠡᠪᠰᠢ ᠬᠠᠤᠯᠢ ᠴᠠᠭᠠᠵᠠ ᠶᠢᠨ ᠦᠨᠳᠦᠰᠦᠯᠡᠯ ᠪᠠᠢᠢᠬᠤ ᠭᠡᠷᠡᠭᠲᠡᠢ᠂ ᠲᠡᠭᠡᠪᠡᠯ ᠨᠡᠢᠢᠭᠡᠮ ᠤᠨ ᠬᠠᠮᠢᠶᠠᠷᠤᠯᠲᠠ ᠶᠢᠨ ᠬᠠᠷᠢᠴᠠᠭ᠋ ᠠ ᠵᠢ ᠲᠣᠬᠢᠷᠠᠭᠤᠯᠵᠤ᠂ᠨᠡᠢᠢᠭᠡᠮ ᠤᠨ ᠬᠠᠮᠢᠶᠠᠷᠤᠯᠲᠠ ᠶᠢᠨ ᠪᠡᠶᠡᠴᠢ ᠴᠣᠭᠴᠠ ᠬᠢᠭᠡᠳ ᠨᠡᠢᠢᠭᠡᠮ ᠤᠨ ᠬᠠᠮᠢᠶᠠᠷᠤᠯᠲᠠ ᠶᠢᠨ ᠠᠵᠢᠯᠯᠠᠭᠠᠨ ᠢ ᠲᠣᠬᠢᠷᠠᠭᠤᠯᠳᠠᠭ ᠬᠠᠤᠯᠢ ᠲᠦᠷᠢᠮᠵᠢᠯ ᠨᠢ ᠭᠤᠤᠯ ᠨᠢ ᠵᠠᠰᠠᠭ ᠵᠠᠬᠢᠷᠭᠠᠨ ᠤ ᠬᠠᠯᠤᠢ ᠪᠣᠯᠤᠨ᠌ ᠠ᠃ ᠮᠠᠨ ᠤ ᠤᠯᠤᠰ ᠲᠤ ᠨᠡᠢᠢᠭᠡᠮ ᠤᠨ ᠬᠠᠮᠢᠶᠠᠷᠤᠯᠳᠠ ᠵᠢ ᠪᠠᠰᠠ ᠲᠡᠷᠦ ᠳ᠋ᠤ ᠪᠠᠨ ᠵᠠᠰᠠᠭ ᠵᠠᠬᠢᠷᠭᠠᠨ ᠤ ᠬᠠᠮᠢᠶᠠᠷᠤᠯᠲᠠ ᠭᠡᠵᠦ ᠬᠡᠯᠡᠳᠡᠭ᠂ ᠤᠴᠢᠷ ᠨᠢ ᠠᠯᠢᠪᠠ ᠨᠡᠢᠢᠭᠡᠮ ᠤᠨ ᠬᠠᠮᠢᠶᠠᠷᠤᠯᠳᠠ ᠨᠢ ᠪᠦᠷ ᠡᠷᠭᠡᠪᠰᠢ ᠤᠷᠢᠳᠠᠪᠠᠷ ᠵᠠᠰᠠᠭ ᠵᠠᠬᠢᠷᠭᠠᠨ ᠤ ᠡᠷᠭᠡ ᠪᠠᠢᠢᠵᠤ᠂ ᠬᠠᠤᠯᠢ ᠳ᠋ᠤ ᠲᠤᠭᠲᠠᠭᠠᠭᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠡᠶᠡᠴᠢ ᠴᠣᠭᠴᠠ ᠪᠠᠢᠢᠬᠤ ᠭᠡᠷᠡᠭᠲᠡᠢ᠃ ᠬᠤᠲᠠ ᠶᠢᠨ ᠬᠠᠮᠢᠶᠠᠷᠤᠯᠲᠠ ᠨᠢ ᠨᠡᠢᠢᠭᠡᠮ ᠤᠨ ᠬᠠᠮᠢᠶᠠᠷᠤᠯᠲᠠ ᠶᠢᠨ ᠨᠢᠭᠡ ᠵᠦᠢᠢᠯ ᠪᠣᠯᠤᠭᠰᠠᠨ ᠤ ᠬᠣᠪᠢ ᠳ᠋ᠤ ᠮᠦᠨ ᠴᠦ ᠵᠠᠰᠠᠭ ᠵᠠᠬᠢᠷᠭᠠᠨ ᠤ ᠬᠤᠯᠢ ᠡᠴᠡ ᠲᠤᠬᠢᠷᠠᠭᠤᠯᠬᠤ ᠴᠢᠬᠤᠯᠠᠲᠠᠢ ᠪᠠᠢᠢᠳᠠᠭ᠃ ᠲᠤᠰ ᠦᠭᠦᠯᠡᠯ ᠳᠤ ᠵᠠᠰᠠᠭ ᠵᠠᠬᠢᠷᠭᠠᠨ ᠤ ᠬᠤᠯᠢ ᠶᠢᠨ ᠵᠣᠭᠰᠤᠴᠠ ᠡᠴᠡ ᠬᠣᠲᠠ ᠶᠢᠨ ᠬᠠᠮᠢᠶᠠᠷᠤᠯᠲᠠ ᠳ᠋ᠡᠬᠢ ᠬᠦᠴᠦᠷᠭᠡᠭ᠍ᠯᠡᠯᠲᠦ ᠬᠠᠤᠯᠢ ᠭᠡᠷᠡᠭᠵᠢᠬᠦᠯᠬᠦ ᠠᠵᠢᠯᠯᠠᠭᠠᠨ ᠤ ᠪᠣᠢ ᠪᠣᠯᠤᠭᠰᠠᠨ ᠰᠢᠯᠲᠠᠭᠠᠨ ᠬᠢᠭᠡᠳ ᠠᠷᠭ᠋ ᠠ ᠵᠠᠮ ᠤᠨ ᠲᠣᠬᠠᠢ ᠦᠭᠦᠯᠡᠭᠰᠡᠨ ᠪᠠᠢᠢᠨ᠌ ᠠ᠃ |
原文 |
查看原文
|
出自 |
赤峰学院学报(蒙文哲学社会科学版)
2014年
第1期
|