题名 |
ᠵᠤᠰᠤᠳᠤ ᠶᠢᠨ ᠴᠢᠭᠤᠯᠭᠠᠨ ᠤ ᠴᠤᠪᠤᠭ᠎ᠠ ᠠᠩᠭᠢ ᠶᠢᠨ ᠤᠩᠨᠢᠭ᠋ᠤᠳ ᠵᠡᠭᠦᠨ ᠬᠤᠰᠢᠭᠤᠨ ᠤ ᠠᠵᠢᠯᠯᠠᠭ᠎ᠠ ᠵᠢᠴᠢ ᠲᠡᠦᠬᠡᠨ ᠦᠢᠯᠡᠳᠦᠯ |
作者 |
ᠮᠦᠩᠭᠦᠨᠸᠠᠩᠴᠤᠭ |
关键词 |
ᠵᠤᠰᠤᠳᠤ ᠶᠢᠨ ᠴᠢᠭᠤᠯᠭᠠᠨ ᠤ ᠴᠤᠪᠤᠭ᠎ᠠ ᠠᠩᠭᠢ; ᠠᠳᠤᠭᠤᠴᠢᠨ ᠤ ᠲᠠᠭᠤᠤ; ᠤᠩᠨᠢᠭᠤᠳ ᠵᠡᠭᠦᠨ ᠬᠤᠰᠢᠭᠤ; ᠴᠢᠯᠦᠭᠡᠯᠡᠯᠳᠡ |
摘要 |
ᠵᠤᠰᠤᠳᠤ ᠶᠢᠨ ᠴᠢᠭᠤᠯᠭᠠᠨ ᠤ ᠴᠤᠪᠤᠭ᠎ᠠ ᠠᠩᠭᠢ 1946 ᠤᠨ ᠡᠴᠡ 1948 ᠤᠨ ᠪᠤᠯᠳᠠᠯ᠎ᠠ ᠤᠩᠨᠢᠭᠤᠳ ᠵᠡᠭᠦᠨ ᠬᠤᠰᠢᠭᠤᠨ ᠳᠤ ᠰᠠᠭᠤᠷᠢᠰᠢᠨ ᠪᠠᠢ᠌ᠯᠳᠤᠵᠤ ᠶᠠᠪᠤᠭᠰᠠᠨ ᠪᠦᠭᠡᠳ ᠤᠩᠨᠢᠭᠤᠳ ᠵᠡᠭᠦᠨ ᠬᠤᠰᠢᠭᠤᠨ ᠤ ᠵᠡᠭᠦᠨ ᠬᠡᠰᠡᠭ ᠲᠤ ᠬᠤᠪᠢᠰᠬᠠᠯ ᠤᠨ ᠰᠠᠭᠤᠷᠢᠨ ᠭᠠᠵᠠᠷ ᠪᠠᠢ᠌ᠭᠤᠯᠵᠤ᠂ ᠤᠩᠨᠢᠭᠤᠳ ᠵᠡᠭᠦᠨ ᠪᠠ ᠪᠠᠷᠠᠭᠤᠨ ᠬᠤᠰᠢᠭᠤ᠂ ᠠᠤᠬᠠᠨ ᠬᠤᠰᠢᠭᠤ᠂ ᠹᠦᠰᠢᠨ ᠪᠤᠯᠤᠨ ᠴᠤᠤᠶᠠᠩ ᠵᠡᠷᠭᠡ ᠭᠠᠵᠠᠷ ᠤᠳ ᠤᠨ ᠦᠨᠳᠦᠰᠦᠳᠡᠨ ᠤ ᠬᠤᠪᠢᠰᠬᠠᠯ ᠤᠨ ᠬᠦᠴᠦᠨ ᠢ ᠡᠨᠳᠡ ᠲᠦᠪᠯᠡᠷᠡᠭᠦᠯᠵᠦ᠂ ᠵᠤᠰᠤᠳᠤ ᠶᠢᠨ ᠴᠤᠪᠤᠭ᠎ᠠ ᠶᠢᠨ ᠠᠩᠭᠢ ᠶᠢᠨ ᠬᠤᠪᠢᠰᠬᠠᠯ ᠤᠨ ᠰᠠᠭᠤᠷᠢᠨ ᠭᠠᠵᠠᠷ ᠪᠤᠯᠭᠠᠬᠤ ᠭᠡᠵᠦ ᠬᠦᠴᠦᠯᠡᠵᠦ ᠪᠠᠢ᠌ᠭᠰᠠᠨ ᠶᠤᠮ᠃ ᠭᠡᠪᠡᠴᠦ ᠵᠤᠰᠤᠳᠤ ᠶᠢᠨ ᠴᠢᠭᠤᠯᠭᠠᠨ ᠤ ᠴᠤᠪᠤᠭ᠎ᠠ ᠠᠩᠭᠢ ᠶᠢᠨ ᠤᠩᠨᠢᠭᠤᠳ ᠵᠡᠭᠦᠨ ᠬᠤᠰᠢᠭᠤᠨ ᠳᠡᠬᠢ ᠠᠵᠢᠯᠯᠠᠭᠠᠨ ᠤ ᠲᠤᠬᠠᠢ ᠰᠢᠨᠵᠢᠯᠡᠭᠡ ᠤᠳᠤ ᠪᠤᠯᠳᠠᠯ᠎ᠠ ᠬᠠᠷᠠᠬᠠᠨ ᠬᠤᠮᠰᠠᠬᠠᠨ ᠪᠠᠢ᠌ᠭᠰᠠᠭᠠᠷ᠃ ᠵᠤᠬᠢᠶᠠᠭᠴᠢ ᠶᠢᠨ ᠨᠡᠢ᠌ᠭᠡᠮ ᠤᠨ ᠪᠠᠢ᠌ᠴᠠᠭᠠᠯᠳᠠ ᠶᠢᠨ ᠶᠠᠪᠤᠴᠠ ᠳᠤ ᠤᠩᠨᠢᠭᠤᠳ ᠵᠡᠭᠦᠨ ᠬᠤᠰᠢᠭᠤᠨ ᠡᠴᠡ ᠤᠯᠳᠠᠭᠰᠠᠨ 《ᠵᠤᠰᠤᠳᠤ ᠶᠢᠨ ᠴᠤᠪᠤᠭ᠎ᠠ ᠠᠩᠭᠢ ᠶᠢᠨ ᠠᠳᠤᠭᠤᠴᠢᠨ ᠤ ᠲᠠᠭᠤᠤ》 ᠭᠡᠳᠡᠭ ᠲᠠᠭᠤᠤ ᠨᠢ ᠵᠤᠰᠤᠳᠤ ᠶᠢᠨ ᠴᠢᠭᠤᠯᠭᠠᠨ ᠤ ᠴᠤᠪᠤᠭ᠎ᠠ ᠠᠩᠭᠢ ᠲᠤᠰ ᠬᠤᠰᠢᠭᠤᠨ ᠳᠤ ᠴᠡᠷᠢᠭ ᠤᠨ ᠠᠭᠳᠠ ᠬᠠᠷᠢᠭᠤᠯᠵᠤ ᠪᠠᠢ᠌ᠭᠰᠠᠨ ᠭᠡᠳᠡᠭ ᠪᠠᠳᠤᠳᠠᠢ ᠮᠡᠳᠡᠭᠡ ᠶᠢ ᠬᠠᠩᠭ᠋ᠠᠵᠤ ᠪᠠᠢ᠌ᠨ᠎ᠠ᠃ |
原文 |
查看原文
|
出自 |
中国蒙古学
2012年
第1期
|