论文信息


题名 ᠦᠪᠦᠷ ᠮᠣᠩᠭᠤᠯ ᠤᠨ ᠮᠣᠩᠭᠤᠯ ᠵᠢᠴᠢ ᠪᠤᠰᠤᠳ ᠴᠦᠬᠡᠨ ᠲᠤᠭᠠᠲᠤ ᠦᠨᠳᠦᠰᠦᠲᠡᠨ ᠦ ᠪᠡᠶ᠎ᠡ ᠶᠢᠨ ᠲᠠᠮᠢᠷ ᠤᠨ ᠰᠤᠶᠤᠯ ᠬᠢᠭᠡᠳ ᠠᠵᠤ ᠦᠢᠯᠡᠰᠵᠢᠯᠲᠡ ᠶᠢᠨ ᠲᠤᠬᠠᠢ
作者 ᠯᠢᠦ ᠪᠠᠲᠤ; ᠭᠦᠢ ᠯᠠᠨ
关键词 ᠦᠨᠳᠦᠰᠦᠲᠡᠨ ᠦ ᠪᠡᠶ᠎ᠡ ᠲᠠᠮᠢᠷ ᠰᠤᠶᠤᠯ ᠤᠨ ᠠᠵᠤ ᠦᠢᠯᠡᠰ; ᠴᠦᠬᠡᠨ ᠲᠤᠭᠠᠲᠤ ᠦᠨᠳᠦᠰᠦᠲᠡᠨ ᠦ ᠤᠯᠠᠮᠵᠢᠯᠠᠯᠲᠤ ᠪᠡᠶ᠎ᠡ ᠲᠠᠮᠢᠷ; ᠬᠦᠭᠵᠢᠭᠦᠯᠬᠦ ᠠᠷᠭ᠎ᠠ ᠪᠤᠳᠤᠯᠭ᠎ᠠ
摘要 ᠦᠪᠦᠷ ᠮᠣᠩᠭᠤᠯ ᠤᠨ ᠴᠦᠬᠡᠨ ᠲᠤᠭᠠᠲᠤ ᠦᠨᠳᠦᠰᠦᠲᠡᠨ ᠦ ᠪᠡᠶ᠎ᠡ ᠲᠠᠮᠢᠷ ᠤᠨ ᠰᠤᠶᠤᠯ ᠤᠨ ᠠᠵᠤ ᠦᠢᠯᠡᠰ ᠨᠢ ᠦᠪᠦᠷ ᠮᠣᠩᠭᠤᠯ ᠤᠨ ᠣᠷᠤᠨ ᠨᠤᠲᠤᠭ ᠲᠤ ᠰᠠᠭᠤᠷᠢᠰᠢᠵᠤ ᠪᠠᠢᠭ᠎ᠠ ᠬᠢᠲᠠᠳ ᠦᠨᠳᠦᠰᠦᠲᠡᠨ ᠡᠴᠡ ᠪᠤᠰᠤᠳ ᠦᠨᠳᠦᠰᠦᠲᠡᠨ ᠦ ᠪᠡᠶ ᠡ ᠲᠠᠮᠢᠷ ᠤᠨ ᠰᠤᠶᠤᠯ ᠢᠶᠠᠷ ᠠᠭᠤᠯᠭ᠎ᠠ ᠪᠤᠯᠭᠠᠵᠤ᠂ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠵᠤ᠂ ᠰᠡᠯᠡᠭᠦᠴᠡᠯ ᠨᠠᠭᠠᠳᠤᠮ ᠪᠠ ᠪᠡᠶ ᠡ ᠲᠠᠮᠢᠷ ᠤᠨ ᠤᠷᠤᠯᠳᠤᠭᠠᠨ᠂ ᠦᠵᠡᠭᠦᠯᠦᠯᠭᠡ ᠶᠢᠨ ᠦᠢᠯᠡᠰ ᠢᠶᠡᠷ ᠭᠤᠤᠯ ᠬᠡᠯᠪᠡᠷᠢ ᠪᠤᠯᠭᠠᠭᠰᠠᠨ᠂ ᠲᠤᠰ ᠦᠨᠳᠦᠰᠦᠲᠡᠨ ᠦ ᠪᠡᠶ᠎ᠡ ᠲᠠᠮᠢᠷ ᠤᠨ ᠰᠤᠶᠤᠯ ᠢ ᠭᠦᠨᠵᠡᠭᠡᠢ ᠰᠤᠳᠤᠯᠬᠤ᠂ ᠡᠮᠬᠢᠳᠭᠡᠬᠦ᠂ ᠦᠭᠡᠷᠡᠴᠢᠯᠡᠬᠦ ᠪᠤᠯᠤᠨ ᠳᠡᠯᠭᠡᠷᠡᠭᠦᠯᠬᠦ ᠪᠡᠷ ᠳᠠᠮᠵᠢᠨ ᠡᠷᠲᠡᠨ ᠦ ᠰᠢᠯᠢᠳᠡᠭ ᠦᠨᠳᠦᠰᠦᠲᠡᠨ ᠦ ᠰᠤᠶᠤᠯ ᠢ ᠣᠳᠣᠬᠢ ᠨᠡᠢᠭᠡᠮ ᠦᠨ ᠱᠠᠭᠠᠷᠳᠠᠯᠭ᠎ᠠ ᠳᠤ ᠨᠡᠢᠴᠡᠭᠰᠡᠨ ᠰᠤᠶᠤᠯ ᠪᠤᠯᠭᠠᠨ ᠬᠦᠭᠵᠢᠭᠦᠯᠵᠦ᠂ ᠲᠠᠸᠠᠷᠴᠢᠯᠠᠯᠲᠠ ᠬᠢᠵᠦ ᠬᠡᠷᠡᠭᠯᠡᠭᠴᠢᠳ ᠲᠦ ᠦᠨ᠎ᠡ ᠲᠦᠯᠪᠦᠷᠢ ᠲᠡᠢ ᠪᠡᠷ ᠦᠢᠯᠡᠴᠢᠯᠡᠬᠦ ᠪᠤᠶᠤ ᠬᠠᠮᠢᠶ᠎ᠠ ᠪᠦᠬᠦᠢ ᠪᠤᠳᠠᠰ ᠤᠨ ᠪᠦᠲᠦᠭᠡᠭᠳᠡᠭᠦᠨ ᠢ ᠬᠠᠩᠭᠠᠨ ᠬᠦᠮᠦᠰ ᠲᠦ ᠵᠤᠭ᠎ᠠ ᠴᠡᠩᠭᠡᠯ ᠢ ᠡᠳ᠋ᠯᠡᠭᠦᠯᠬᠦ ᠪᠡ ᠬᠦᠭᠵᠢᠯᠲᠡ ᠶᠢᠨ ᠱᠠᠭᠠᠷᠳᠠᠯᠭ᠎ᠠ ᠶᠢ ᠪᠡᠶᠡᠯᠡᠭᠦᠯᠳᠡᠭ᠃ ᠦᠭᠦᠯᠡᠯ ᠳᠦ᠂ ᠴᠦᠬᠡᠨ ᠲᠤᠭᠠᠲᠤ ᠦᠨᠳᠦᠰᠦᠲᠡᠨ ᠦ ᠪᠡᠶ᠎ᠡ ᠲᠠᠮᠢᠷ ᠰᠤᠶᠤᠯ ᠤᠨ ᠠᠵᠤ ᠦᠢᠯᠡᠰ ᠦᠨ ᠠᠭᠤᠯᠤᠭᠳᠠᠬᠤᠨ ᠢ ᠲᠤᠳᠤᠷᠬᠠᠢᠯᠠᠬᠤ ᠶᠢᠨ ᠬᠠᠮᠲᠤ ᠦᠪᠦᠷ ᠮᠣᠩᠭᠤᠯ ᠤᠨ ᠦᠨᠳᠦᠰᠦᠲᠡᠨ ᠦ ᠭᠠᠵᠠᠷ ᠣᠷᠤᠨ᠂ ᠠᠭᠤᠷ ᠠᠮᠢᠰᠬᠤᠯ ᠵᠡᠷᠭᠡ ᠣᠨᠴᠠᠯᠢᠭ ᠲᠠᠢ ᠤᠶᠠᠯᠳᠤᠭᠤᠯᠵᠤ᠂ ᠦᠪᠦᠷ ᠮᠣᠩᠭᠤᠯ ᠤᠨ ᠴᠦᠬᠡᠨ ᠲᠤᠭᠠᠲᠤ ᠦᠨᠳᠦᠰᠦᠲᠡᠨ ᠦ ᠪᠡᠶ᠎ᠡ ᠲᠠᠮᠢᠷ ᠤᠨ ᠰᠤᠶᠤᠯ ᠤᠨ ᠠᠵᠤ ᠦᠢᠯᠡᠰ ᠢ ᠬᠦᠭᠵᠢᠭᠦᠯᠬᠦ ᠠᠷᠭ᠎ᠠ ᠪᠤᠳᠤᠯᠭ᠎ᠠ ᠶᠢ ᠳᠤᠷᠠᠳᠴᠠᠢ᠃
原文 查看原文
出自 中国蒙古学 2015年 第2期

联系我们


内蒙古大学图书馆
呼和浩特市大学西路235号
中国·内蒙古
P: (0471) 4992561
E: huangfeilong@imu.edu.cn