论文信息


题名 ᠬᠠᠰᠠᠷ ᠤᠨ ᠬᠤᠢᠴᠢᠰ ᠤᠨ ᠦᠶ᠎ᠡ ᠵᠠᠯᠭᠠᠮᠵᠢ ᠳᠤ ᠶᠡᠬᠦ ᠶᠢᠰᠦᠩᠬᠡ ᠲᠤᠬᠤ ᠶᠢᠨ ᠨᠡᠷ᠎ᠡ ᠬᠤᠶᠠᠷᠲᠠ ᠢᠯᠡᠷᠡᠭᠰᠡᠨ ᠲᠤᠬᠠᠢ
作者 ᠪᠤ‍ · ᠰᠠᠢᠵᠢᠷᠠᠬᠤ
关键词 ᠬᠠᠰᠠᠷ ᠤᠨ ᠬᠤᠢᠴᠢᠰ; ᠦᠶ᠎ᠡ ᠵᠠᠯᠭᠠᠮᠵᠢ; ᠶᠡᠬᠦ ᠶᠢᠰᠦᠩᠬᠡ ᠲᠤᠬᠤ
摘要 《ᠮᠣᠩᠭᠤᠯ ᠤᠨ ᠨᠢᠭᠤᠴᠠ ᠲᠤᠪᠴᠢᠶᠠᠨ》᠂ 《ᠰᠤᠳᠤᠷ ᠤᠨ ᠴᠢᠭᠤᠯᠭᠠᠨ》᠂ 《ᠦᠨ ᠤᠯᠤᠰ ᠤᠨ ᠲᠡᠦᠬᠡ》 ᠵᠡᠷᠭᠡ ᠰᠤᠷᠪᠤᠯᠵᠢ ᠪᠢᠴᠢᠭ ᠲᠦ ᠬᠠᠰᠠᠷ ᠤᠨ ᠶᠡᠬᠦ ᠶᠢᠰᠦᠩᠬᠡ ᠲᠤᠬᠤ ᠭᠡᠬᠦ ᠭᠤᠷᠪᠠᠨ ᠬᠦᠪᠡᠭᠦᠨ ᠦ ᠨᠡᠷ᠎ᠡ ᠶᠢ ᠬᠡᠳᠦᠢᠪᠡᠷ ᠳᠡᠰ ᠳᠠᠷᠠᠭ᠎ᠠ ᠶᠢᠨ ᠬᠤᠪᠢ ᠳᠤ ᠵᠢᠭᠠᠬᠠᠨ ᠵᠦᠷᠢᠶ ᠡ ᠲᠡᠢ ᠪᠤᠯᠪᠠᠴᠤ ᠨᠡᠷ᠎ᠡ ᠳᠠᠭᠤᠳᠠᠯᠭ᠎ᠠ ᠶᠢ ᠨᠢ ᠦᠨᠳᠦᠰᠦᠨ ᠳᠦ ᠪᠡᠨ ᠨᠢᠭᠡᠲᠦᠯᠲᠡᠢ ᠲᠡᠮᠳᠡᠭᠯᠡᠵᠦ ᠪᠤᠢ᠃ ᠭᠡᠲᠡᠯ᠎ᠡ ᠪᠤᠰᠤᠳ ᠬᠠᠮᠢᠶ᠎ᠠ ᠪᠦᠬᠦᠢ ᠰᠤᠷᠪᠤᠯᠵᠢ ᠪᠢᠴᠢᠭ ᠦᠳ ᠲᠦ ᠬᠠᠰᠠᠷ ᠤᠨ ᠠᠷᠪᠠᠳᠤᠭᠠᠷ ᠦᠶ᠎ᠡ ᠶᠢᠨ ᠠᠴᠢ ᠪᠤᠯᠤᠨ ᠠᠷᠪᠠᠨ ᠨᠢᠭᠡᠳᠦᠭᠡᠷ ᠦᠶ᠎ᠡ ᠶᠢᠨ ᠠᠴᠢ ᠶᠢᠨ ᠬᠤᠭᠤᠷᠤᠨᠳᠤ ᠡᠨᠡ ᠭᠤᠷᠪᠠᠭᠤᠯᠠ ᠶᠢᠨ ᠨᠡᠷ᠎᠎ᠡ ᠶᠢ ᠳᠠᠬᠢᠨᠲᠠ ᠪᠢᠴᠢᠵᠦ ᠪᠠᠢᠳᠠᠭ᠃ ᠡᠨᠡ ᠨᠢ ᠮᠣᠩᠭᠤᠯ ᠤᠨ ᠲᠡᠦᠬᠡᠨ ᠳᠡᠬᠢ ᠣᠨᠴᠠᠭᠠᠢ ᠦᠵᠡᠭᠳᠡᠯ ᠪᠤᠯᠬᠤ ᠪᠦᠭᠡᠳ ᠬᠠᠰᠠᠷ ᠤᠨ ᠬᠤᠢᠴᠢᠰ ᠤᠨ ᠦᠶ᠎ᠡ ᠵᠠᠯᠭᠠᠮᠵᠢ ᠶᠢ ᠲᠤᠳᠤᠯᠠᠬᠤ ᠳᠤ ᠵᠤᠬᠢᠬᠤ ᠬᠦᠴᠢᠷᠳᠡᠯ ᠢ ᠠᠪᠴᠢᠷᠠᠭᠰᠠᠨ ᠶᠤᠮ᠃ ᠡᠨᠡ ᠨᠢ ᠮᠣᠩᠭᠤᠯ ᠤᠨ ᠲᠡᠦᠬᠡᠨ ᠳᠡᠬᠢ ᠣᠨᠴᠠᠭᠠᠢ ᠦᠵᠡᠭᠳᠡᠯ ᠪᠤᠯᠬᠤ ᠪᠦᠭᠡᠳ ᠬᠠᠰᠠᠷ ᠤᠨ ᠬᠤᠢᠴᠢᠰ ᠤᠨ ᠦᠶ᠎ᠡ ᠵᠠᠯᠭᠠᠮᠵᠢ ᠶᠢ ᠲᠤᠤᠯᠠᠬᠤ ᠳᠤ ᠵᠤᠬᠢᠬᠤ ᠬᠦᠴᠢᠷᠳᠡᠯ ᠢ ᠠᠪᠴᠢᠷᠠᠭᠰᠠᠨ ᠶᠤᠮ᠃ ᠡᠢᠮᠦ ᠡᠴᠡ ᠡᠯ᠎ᠡ ᠵᠤᠢᠯ ᠤᠨ ᠰᠤᠷᠪᠤᠯᠵᠢ ᠪᠢᠴᠢᠭ ᠦᠳ ᠢ ᠬᠠᠷᠢᠴᠠᠭᠤᠯᠤᠨ ᠰᠤᠳᠤᠯᠵᠤ᠂ ᠡᠭᠦᠨ ᠦ ᠦᠨᠡᠨ ᠬᠤᠳᠠᠯ ᠢ ᠢᠯᠭᠠᠨ ᠲᠤᠳᠤᠯᠠᠵᠤ ᠤᠴᠷᠢ ᠰᠢᠯᠲᠠᠭᠠᠨ ᠢ ᠨᠢ ᠦᠭᠦᠯᠡᠬᠦ ᠪᠤᠯ ᠬᠠᠰᠠᠷ ᠤᠨ ᠬᠤᠢᠴᠢᠰ ᠤᠨ ᠦᠶ᠎ᠡ ᠵᠠᠯᠭᠠᠮᠵᠢ ᠶᠢ ᠲᠤᠳᠤᠯᠠᠬᠤ ᠳᠤ ᠬᠤᠯᠪᠤᠭᠳᠠᠭᠰᠠᠨ ᠪᠠᠰᠠ ᠨᠢᠭᠡᠨ ᠴᠢᠬᠤᠯᠠ ᠠᠰᠠᠭᠤᠳᠠᠯ ᠪᠤᠯᠤᠨ᠎ᠠ᠃
原文 没有原文
出自 蒙古学研究 2016年 第1期

联系我们


内蒙古大学图书馆
呼和浩特市大学西路235号
中国·内蒙古
P: (0471) 4992561
E: huangfeilong@imu.edu.cn