题名 |
ᠮᠣᠩᠭᠤᠯ ᠡᠮ ᠢᠶᠡᠷ ᠤᠳᠠᠭᠠᠨ ᠴᠢᠨᠠᠷᠲᠠᠢ ᠵᠠᠯᠭᠢᠭᠤᠷ ᠤᠨ ᠦᠷᠪᠢᠰᠦᠯ ᠢ ᠵᠠᠰᠠᠭᠰᠠᠨ ᠡᠮᠴᠢᠯᠡᠭᠡᠨ ᠦ ᠠᠴᠢ ᠲᠤᠰᠠ ᠶᠢᠨ ᠠᠵᠢᠭᠯᠠᠯᠲᠠ |
作者 |
ᠨᠠᠳᠮᠢᠳ; ᠬᠠᠰᠤᠩ᠋ᠭᠤᠤᠠ |
关键词 |
ᠤᠳᠠᠭᠠᠨ ᠴᠢᠨᠠᠷᠲᠠᠢ ᠵᠠᠯᠭᠢᠭᠤᠷ ᠤᠨ ᠦᠷᠪᠢᠰᠦᠯ; ᠮᠣᠩᠭᠤᠯ ᠡᠮ; ᠡᠮᠨᠡᠯ ᠦᠨ ᠠᠴᠢ ᠲᠤᠰᠠ |
摘要 |
ᠵᠤᠷᠢᠯᠭ᠎ᠠ᠄ ᠮᠣᠩᠭᠤᠯ ᠡᠮ ᠢᠶᠡᠷ ᠤᠳᠠᠭᠠᠨ ᠴᠢᠨᠠᠷᠲᠠᠢ ᠵᠠᠯᠭᠢᠭᠤᠷ ᠤᠨ ᠦᠷᠪᠢᠰᠦᠯ ᠢ ᠵᠠᠰᠠᠵᠤ ᠡᠮᠴᠢᠯᠡᠭᠡᠨ ᠦ ᠦᠷ᠎ᠡ ᠳ᠋ᠦᠩ ᠳᠦ ᠠᠵᠢᠭᠯᠠᠯᠲᠠ ᠬᠢᠨ᠎ᠡ᠃ ᠠᠷᠭ᠎ᠠ᠄ 82 ᠵᠢᠱᠢᠶ᠎ᠡ ᠡᠪᠡᠳᠴᠢᠲᠡᠨ ᠢ ᠲᠠᠰᠢᠷᠠᠮ ᠰᠠᠴᠠᠭᠤ ᠬᠤᠶᠠᠷ ᠳᠤᠭᠤᠢ᠌ᠯᠠᠩ ᠳᠤ ᠬᠤᠪᠢᠶᠠᠵᠤ᠂ ᠡᠮᠴᠢᠯᠡᠭᠡᠨ ᠦ ᠳᠤᠭᠤᠢ᠌ᠯᠠᠩ ᠤᠨ ᠡᠪᠡᠳᠴᠢᠲᠡᠨ ᠢ ᠮᠣᠩ᠋ᠭᠤᠯ ᠡᠮ ᠢᠶᠡᠷ ᠡᠮᠨᠡᠨ ᠵᠠᠰᠠᠵᠤ᠂ ᠬᠠᠷᠢᠴᠠᠭᠤᠯᠬᠤ ᠳᠤᠭᠤᠢ᠌ᠯᠩ ᠤᠨ ᠡᠪᠡᠳᠴᠢᠲᠡᠨ ᠢ ᠡᠸᠦ᠋ᠷᠦᠫᠡ ᠡᠮ ᠢᠶᠡᠷ ᠡᠮᠨᠡᠨ ᠵᠠᠰᠠᠪᠠ᠃ ᠦᠷ᠌ᠡ ᠳ᠋ᠦᠩ᠄ ᠡᠮᠴᠢᠯᠡᠭᠡᠨ ᠦ ᠳᠤᠭᠤᠢ᠌ᠯᠠᠩ ᠤᠨ ᠡᠪᠡᠳᠴᠢᠲᠡᠨ ᠦ ᠡᠳᠡᠭᠡᠷᠡᠭᠰᠡᠨ ᠨᠤᠷᠮ᠎ᠠ ᠨᠢ 39%᠂ ᠢᠯᠡᠳᠲᠡ ᠰᠠᠢ᠌ᠵᠢᠷᠠᠭᠰᠠᠨ ᠨᠢ 35%᠂ ᠲᠤᠰᠠᠯᠠᠭᠰᠠᠨ ᠨᠢ 26%᠂ ᠶᠡᠷᠦᠩᠬᠡᠢ ᠲᠤᠰᠠᠴᠠ ᠨᠢ 100%᠋ ᠳᠦ ᠬᠦᠷᠴᠦ᠂ ᠬᠠᠷᠢᠴᠠᠭᠤᠯᠬᠤ ᠳᠤᠭᠤ᠌ᠯᠠᠩ ᠤᠨ ᠡᠪᠡᠳᠴᠢᠲᠡᠨ ᠦ ᠡᠳᠡᠭᠡᠷᠡᠭᠰᠡᠨ ᠨᠤᠷᠮ᠎ᠠ ᠨᠢ 23%᠂ ᠢᠯᠡᠳᠲᠡ ᠰᠠᠢ᠌ᠵᠢᠷᠠᠭᠰᠠᠨ ᠨᠢ 26%᠂ ᠲᠤᠰᠠᠯᠠᠭᠰᠠᠨ ᠨᠢ 13%᠂ ᠡᠰᠡ ᠲᠤᠰᠠᠯᠠᠭᠰᠠᠨ ᠨᠢ 38%᠂ ᠶᠡᠷᠦᠩᠬᠡᠢ ᠲᠤᠰᠠᠴᠠ ᠨᠢ 62% ᠲᠦ ᠬᠦᠷᠦᠭᠰᠡᠨ ᠪᠠᠢ᠌ᠨ᠎ᠠ᠃ ᠳ᠋ᠦᠩᠨᠡᠯᠲᠡ᠄ ᠮᠣᠩ᠋ᠭᠤᠯ ᠡᠮ ᠢᠶᠡᠷ ᠤᠳᠠᠭᠠᠨ ᠴᠢᠨᠠᠷᠲᠠᠢ ᠵᠠᠯᠭᠢᠭᠤᠷ ᠤᠨ ᠦᠷᠪᠢᠰᠦᠯ ᠢ ᠡᠮᠨᠡᠨ ᠵᠠᠰᠠᠬᠤ ᠨᠢ ᠡᠸᠦ᠋ᠷᠦᠫᠡ ᠡᠮ ᠢᠶᠡᠷ ᠡᠮᠨᠡᠨ ᠵᠠᠰᠠᠬᠤ ᠠᠴᠠ ᠡᠳᠡᠭᠡᠷᠡᠯᠲᠡ ᠶᠢᠨ ᠨᠤᠷᠮ᠎ᠠ ᠨᠢ ᠦᠨᠳᠦᠷ᠂ ᠡᠪᠡᠳᠴᠢᠨ ᠲᠠᠬᠢᠬᠤ ᠨᠤᠷᠮ᠎ᠠ ᠨᠢ ᠪᠠᠭ᠎ᠠ ᠮᠦᠷᠲᠡᠭᠡᠨ ᠭᠠᠵᠢᠭᠤ ᠦᠢᠯᠡᠳᠦᠯ ᠦᠭᠡᠢ ᠪᠠᠢ᠌ᠳᠠᠭ᠃ |
原文 |
查看原文
|
出自 |
内蒙古民族大学学报(蒙医药学)
2010年
第1期
|