论文信息


题名 ᠮᠣᠩᠭᠤᠯ ᠪᠢᠴᠢᠭ ᠢ ᠺᠤᠮᠫᠢᠦ᠋ᠲ᠋ᠧᠷ ᠲᠤ ᠲᠠᠨᠢᠭᠤᠯᠬᠤ ᠳᠤ ᠠᠰᠢᠭᠯᠠᠭᠰᠠᠨ ᠬᠡᠯᠡᠨ ᠦ ᠮᠡᠳᠡᠯᠭᠡ ᠶᠢᠨ ᠲᠤᠬᠠᠢ ᠬᠤᠷᠢᠶᠠᠩᠭᠤᠢᠯᠠᠨ ᠲᠤᠭᠠᠴᠢᠬᠤ ᠨᠢ
作者 ᠪᠤᠤ ᠶᠠᠨ ᠬᠤᠸᠠ
关键词 ᠮᠣᠩᠭᠤᠯ ᠪᠢᠴᠢᠭ ᠦᠨ ᠲᠧᠺᠰᠲ᠋ ᠢ ᠺᠤᠮᠫᠢᠦ᠋ᠲ᠋ᠧᠷ ᠲᠤ ᠲᠠᠨᠢᠭᠤᠯᠬᠤ; ᠪᠠᠷᠢᠮᠵᠢᠶ᠎ᠠ ᠦᠯᠢᠭᠡᠷ; ᠬᠡᠯᠡᠨ ᠦ ᠮᠡᠳᠡᠯᠭᠡ
摘要 ᠮᠣᠩᠭᠤᠯ ᠬᠡᠯᠡ ᠪᠢᠴᠢᠭ ᠦᠨ ᠰᠤᠷᠠᠭ ᠵᠠᠩᠭᠢ ᠰᠢᠢᠳᠪᠦᠷᠢᠯᠡᠯᠲᠡ ᠶᠢᠨ ᠠᠯᠬᠤᠮ ᠪᠦᠷᠢ ᠨᠢ ᠮᠣᠩᠭᠤᠯ ᠬᠡᠯᠡᠨ ᠦ ᠮᠡᠳᠡᠯᠭᠡ ᠡᠴᠡ ᠰᠠᠯᠵᠤ ᠴᠢᠳᠠᠬᠤ ᠦᠭᠡᠢ᠃ ᠮᠣᠩᠭᠤᠯ ᠪᠢᠴᠢᠭ ᠦᠨ ᠲᠧᠺᠰᠲ᠋ ᠢ ᠺᠤᠮᠫᠢᠦ᠋ᠲ᠋ᠧᠷ ᠲᠤ ᠲᠠᠨᠢᠭᠤᠯᠬᠤ ᠠᠵᠢᠯ ᠴᠤ ᠠᠳᠠᠯᠢᠬᠠᠨ᠃ ᠲᠤᠰ ᠦᠭᠦᠯᠡᠯ ᠳᠦ᠂ ᠭᠤᠤᠯᠳᠠᠭᠤ ᠮᠣᠩᠭᠤᠯ ᠪᠢᠴᠢᠭ ᠦᠨ ᠲᠧᠺᠰᠲ᠋ ᠢ ᠺᠤᠮᠫᠢᠦ᠋ᠲ᠋ᠧᠷ ᠲᠤ ᠲᠠᠨᠢᠭᠤᠯᠬᠤ ᠠᠵᠢᠯ ᠤᠨ ᠰᠠᠭᠤᠷᠢ ᠡᠬᠢ ᠪᠠᠶᠠᠯᠢᠭ ᠤᠨ ᠪᠦᠲᠦᠬᠡᠨ ᠪᠠᠢᠭᠤᠯᠤᠯᠲᠠ ᠶᠢᠨ ᠴᠢᠬᠤᠯᠠ ᠠᠭᠤᠯᠭ᠎ᠠ ᠪᠤᠯᠬᠤ ᠡᠯ᠎ᠡ ᠲᠦᠷᠦᠯ ᠦᠨ ᠪᠠᠷᠢᠮᠵᠢᠶ᠎ᠠ ᠦᠯᠢᠭᠡᠷ ᠢ ᠬᠢᠬᠦ ᠶᠠᠪᠤᠴᠠ ᠳᠤ ᠠᠰᠢᠭᠯᠠᠭᠰᠠᠨ ᠮᠣᠩᠭᠤᠯ ᠬᠡᠯᠡᠨ ᠦ ᠬᠡᠯᠡᠨ ᠦ ᠮᠡᠳᠡᠯᠭᠡ ᠶᠢ ᠬᠤᠷᠢᠶᠠᠩᠭᠤᠢᠯᠠᠨ ᠲᠤᠭᠠᠴᠢᠵᠠᠢ᠃ ᠡᠭᠦᠨ ᠳᠦ ᠮᠣᠩᠭᠤᠯ ᠬᠡᠯᠡᠨ ᠦ ᠦᠨᠳᠦᠰᠦᠨ ᠣᠨᠴᠠᠯᠢᠭ᠂ ᠡᠮᠦᠨ᠎ᠡ ᠬᠤᠢᠨᠠᠬᠢ ᠲᠡᠮᠳᠡᠭᠲᠦ ᠶᠢᠨ ᠣᠨᠴᠠᠯᠢᠭ ᠰᠢᠨᠵᠢ᠂ ᠮᠣᠩᠭᠤᠯ ᠪᠢᠴᠢᠭ ᠦᠨ ᠪᠦᠲᠦᠴᠡ ᠶᠢᠨ ᠣᠨᠴᠠᠯᠢᠭ᠂ ᠮᠣᠩᠭᠤᠯ ᠪᠢᠴᠢᠭ ᠦᠨ ᠲᠡᠮᠳᠡᠭᠲᠦ ᠶᠢᠨ ᠳᠠᠪᠲᠠᠮᠵᠢ ᠶᠢᠨ ᠰᠤᠷᠠᠭ ᠵᠠᠩᠭᠢ ᠵᠡᠷᠭᠡ ᠬᠡᠯᠡᠨ ᠦ ᠮᠡᠳᠡᠯᠭᠡ ᠦᠳ ᠬᠤᠯᠪᠤᠭᠳᠠᠨ᠎ᠠ᠃ ᠡᠳᠡᠭᠡᠷ ᠬᠡᠯᠡᠨ ᠦ ᠮᠡᠳᠡᠯᠭᠡ ᠶᠢᠨ ᠠᠰᠢᠭᠯᠠᠯᠲᠠ ᠨᠢ ᠭᠤᠤᠯᠳᠠᠭᠤ ᠡᠯ᠎ᠡ ᠲᠦᠷᠦᠯ ᠦᠨ ᠪᠠᠷᠢᠮᠵᠢᠶ᠎ᠠ ᠦᠯᠢᠭᠡᠷ ᠢ ᠬᠢᠬᠦ ᠳᠦ ᠴᠤᠭᠴᠠᠯᠠᠭᠰᠠᠨ ᠳᠦᠷᠢᠮ ᠦᠨ ᠬᠦᠮᠦᠷᠭᠡ ᠳᠦ ᠢᠯᠡᠷᠡᠵᠦ ᠪᠠᠢᠨ᠎ᠠ᠃
原文 查看原文
出自 中国蒙古学 2016年 第3期

联系我们


内蒙古大学图书馆
呼和浩特市大学西路235号
中国·内蒙古
P: (0471) 4992561
E: huangfeilong@imu.edu.cn