论文信息


题名 ᠰ‍᠂ ᠪᠤᠶᠠᠨᠨᠡᠮᠡᠬᠦ ᠶᠢᠨ ᠬᠤᠯᠪᠤᠭ᠎ᠠ᠂ ᠰᠢᠯᠦᠭ ᠦᠨ ᠢᠯᠭᠠᠭ᠎ᠠ ᠶᠢᠨ ᠲᠤᠬᠠᠢ ᠦᠵᠡᠯᠲᠡ ᠶᠢ ᠲᠤᠪᠴᠢ ᠦᠭᠦᠯᠡᠬᠦ ᠨᠢ
作者 ᠴᠤᠭᠲᠤ
关键词 ᠰ‍᠂ ᠪᠤᠶᠠᠨᠨᠡᠮᠡᠬᠦ; ᠬᠤᠯᠪᠤᠭ᠎᠎ᠠ; ᠰᠢᠯᠦᠭ; ᠢᠯᠭᠠᠭ᠎ᠠ
摘要 ᠮᠤᠨᠭᠭᠤᠯ ᠤᠯᠤᠰ ᠤᠨ ᠠᠯᠳᠠᠷᠲᠤ ᠵᠤᠬᠢᠶᠠᠯᠴᠢ᠂ ᠤᠳᠬ᠎ᠠ ᠵᠤᠬᠢᠶᠠᠯ ᠤᠨ ᠤᠨᠤᠯᠴᠢ᠂ ᠨᠡᠶᠢᠭᠡᠮ ᠰᠤᠶᠤᠯ ᠤᠨ ᠨᠡᠷᠡᠲᠦ ᠵᠢᠳᠭᠦᠯᠲᠡᠨ ᠰᠤᠨᠤᠮᠪᠠᠯᠵᠤᠤᠷ ᠤᠨ ᠪᠤᠶᠠᠨᠨᠡᠮᠡᠬᠦ ᠶᠢᠨ 《〈ᠬᠤᠯᠪᠤᠭ᠎ᠠ ᠰᠢᠯᠦᠭ ᠦᠨ ᠴᠤᠮᠤᠷᠯᠢᠭ〉᠋ ᠤᠨ ᠤᠷᠤᠰᠢᠯ》᠋ ᠳᠠᠬᠢ ᠬᠤᠯᠪᠤᠭ᠎ᠠ ᠰᠢᠯᠦᠭ ᠦᠨ ᠢᠯᠭᠠᠭ᠎ᠠ ᠶᠢᠨ ᠲᠤᠬᠠᠢ ᠲᠤᠪᠴᠢ ᠦᠭᠦᠯᠡᠮᠵᠢ ᠶᠢ ᠦᠪᠦᠷ ᠮᠤᠨᠭᠭᠤᠯ ᠤᠨ ᠠᠯᠳᠠᠷᠲᠤ ᠰᠢᠯᠦᠭᠴᠢ᠂ ᠤᠳᠬ᠎ᠠ ᠵᠤᠬᠢᠶᠠᠯ ᠤᠨ ᠤᠨᠤᠯᠴᠢ ᠪ‍᠂ ᠪᠦᠷᠢᠨᠪᠡᠬᠢ ᠶᠢᠨ ᠬᠤᠯᠪᠤᠭ᠎ᠠ ᠰᠢᠯᠦᠭ ᠦᠨ ᠢᠯᠭᠠᠭ᠎ᠠ ᠶᠢᠨ ᠲᠤᠬᠠᠢ ᠦᠭᠦᠯᠡᠵᠵᠢ ᠯᠦᠭᠡ ᠬᠠᠷᠢᠴᠠᠭᠤᠯᠤᠨ ᠦᠵᠡᠬᠦ ᠳᠦ ᠠᠳᠠᠯᠢᠰᠢᠶᠠᠬᠤ ᠲᠠᠯ᠎ᠠ ᠪᠤᠢ᠃ ᠰ‍᠂ ᠪᠤᠶᠠᠨᠨᠡᠮᠡᠬᠦ ᠶᠢᠨ ᠬᠤᠯᠪᠤᠭ᠎ᠠ ᠰᠢᠯᠦᠭ ᠦᠨ ᠢᠯᠭᠠᠭ᠎ᠠ ᠶᠢᠨ ᠲᠤᠬᠠᠢ ᠦᠭᠦᠯᠡᠮᠵᠢ ᠨᠢ ᠲᠤᠩ ᠴᠢᠬᠤᠯᠠ ᠠᠴᠢ ᠬᠤᠯᠪᠤᠭᠳᠠᠯ ᠲᠠᠢ᠃ ᠲᠡᠭᠦᠨ ᠦ ᠡᠨᠡ ᠬᠦ ᠦᠭᠦᠯᠡᠮᠵᠢ ᠨᠢ ᠡᠷᠳᠡᠮᠲᠡᠨ ᠸᠠᠩ ᠮᠠᠨᠳᠤᠭ᠎ᠠ ᠬᠢᠭᠡᠳ ᠳ᠋‍᠂ ᠴᠠᠳᠠᠪ ᠬᠤᠶᠠᠷ ᠤᠨ ᠬᠡᠪᠯᠡᠭᠦᠯᠦᠭᠰᠡᠨ 《ᠰᠤᠨᠤᠮᠪᠠᠯᠵᠤᠤᠷ ᠤᠨ ᠪᠤᠶᠠᠨᠨᠡᠮᠡᠬᠦ (1᠎—4)》᠋ ᠪᠠᠷ ᠳᠠᠮᠵᠢᠨ ᠨᠠᠶᠢᠲᠠ ᠤᠯᠠᠨ ᠤ ᠬᠦᠷᠲᠡᠭᠡᠯ ᠪᠤᠯᠵᠤ ᠴᠢᠳᠠᠪᠠ᠃ ᠡᠷᠳᠡᠮ ᠰᠢᠨᠵᠢᠯᠡᠭᠡᠨ ᠦ ᠲᠠᠯ᠎ᠠ ᠪᠠᠷ ᠬᠤᠶᠠᠷ ᠤᠯᠤᠰ ᠭᠦᠷᠦᠨ ᠦ ᠡᠷᠳᠡᠮᠲᠡᠳ ᠬᠠᠷᠢᠯᠴᠠᠨ ᠬᠠᠮᠲᠤᠷᠠᠨ ᠠᠵᠢᠯᠯᠠᠬᠤ ᠪᠤᠯ ᠲᠤᠩ ᠴᠢᠬᠤᠯᠠ᠃ ᠤᠯᠤᠰ ᠭᠦᠷᠦᠨ ᠦ ᠬᠡᠪᠴᠢᠶᠡᠨ ᠳᠦ ᠬᠠᠮᠲᠤᠷᠠᠨ ᠠᠵᠢᠯᠯᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠪᠠᠯ ᠨᠡᠩ ᠰᠠᠶᠢᠨ ᠠᠮᠵᠢᠯᠲᠠ ᠪᠦᠲᠦᠭᠡᠯ ᠭᠠᠷᠭᠠᠵᠤ ᠪᠤᠯᠬᠤ ᠶᠢ 《ᠰᠤᠨᠤᠮᠪᠠᠯᠵᠤᠤᠷ ᠤᠨ ᠪᠤᠶᠠᠨᠨᠡᠮᠡᠬᠦ (1—4)》ᠨᠤᠮ ᠭᠦᠢᠴᠡᠳ ᠭᠡᠷᠡᠴᠢᠯᠡᠪᠡ᠃
原文 查看原文
出自 中国蒙古学 2010年 第6期

联系我们


内蒙古大学图书馆
呼和浩特市大学西路235号
中国·内蒙古
P: (0471) 4992561
E: huangfeilong@imu.edu.cn