题名 |
ᠹᠦᠯᠤᠩᠭ᠍ᠠ ᠬᠢᠭᠡᠳ ᠲᠡᠭᠦᠨ ᠦ ᠮᠣᠩᠭᠤᠯ ᠬᠡᠯᠡ ᠰᠢᠨᠵᠢᠯᠡᠯ ᠦᠨ ᠵᠤᠬᠢᠶᠠᠯ ᠪᠦᠲᠦᠭᠡᠯ ᠦᠨ ᠲᠤᠬᠠᠢ |
作者 |
ᠲᠤᠩᠭ᠍ᠠ |
关键词 |
ᠹᠦᠯᠤᠩᠭ᠍ᠠ᠍; ᠮᠣᠩᠭᠤᠯ ᠬᠡᠯᠡ ᠰᠢᠨᠵᠢᠯᠡᠯ; ᠵᠤᠬᠢᠶᠠᠯ ᠪᠦᠲᠦᠭᠡᠯ |
摘要 |
ᠹᠦᠯᠤᠩᠭ᠍ᠠ (1900 — 1952) ᠪᠤᠯ ᠮᠣᠩᠭᠤᠯ ᠦᠨᠳᠦᠰᠦᠲᠡᠨ ᠦ ᠣᠷᠴᠢᠨ ᠦᠶ᠎ᠡ ᠶᠢᠨ ᠤᠳᠬ᠎ᠠ ᠵᠤᠬᠢᠶᠠᠯ ᠤᠨ ᠵᠢᠳᠭᠦᠯᠲᠡᠨ᠂ ᠣᠷᠴᠢᠭᠤᠯᠤᠭᠴᠢ᠂ ᠬᠡᠯᠡ ᠰᠢᠨᠵᠢᠯᠡᠯᠲᠡ᠂ ᠰᠤᠷᠭᠠᠨ ᠬᠦᠮᠦᠵᠢᠭᠦᠯᠦᠭᠴᠢ ᠪᠦᠭᠡᠳ ᠨᠡᠷᠡᠲᠦ ᠡᠷᠳᠡᠮᠲᠡᠨ ᠶᠤᠮ᠃ ᠲᠡᠷᠡ ᠪᠡᠷ 1929 ᠣᠨ ᠠᠴᠠ 1939 ᠣᠨ ᠤ ᠬᠤᠭᠤᠷᠤᠨᠳᠤ ᠶᠠᠫᠤᠨ ᠤ ᠤᠤᠰᠠᠺᠠ ᠶᠢᠨ ᠭᠠᠳᠠᠭᠠᠳᠤ ᠬᠡᠯᠡᠨ ᠦ ᠰᠤᠷᠭᠠᠭᠤᠯᠢ ᠳᠤ ᠪᠠᠭᠰᠢᠯᠠᠵᠤ ᠪᠠᠢᠬᠤ ᠬᠤᠭᠤᠴᠠᠭᠠᠨ ᠳᠠᠭᠠᠨ ᠤᠯᠤᠰ ᠲᠠᠭᠠᠨ ᠪᠤᠴᠠᠵᠤ ᠢᠷᠡᠭᠰᠡᠨ ᠦ ᠳᠠᠷᠠᠭ᠎ᠠ ᠤᠷᠠᠨ ᠵᠤᠬᠢᠶᠠᠯ᠂ ᠲᠡᠦᠬᠡ᠂ ᠣᠷᠴᠢᠭᠤᠯᠭ᠎ᠠ᠂ ᠬᠡᠯᠡ ᠰᠢᠨᠵᠢᠯᠡᠯ ᠦᠨ ᠲᠠᠯ᠎ᠠ ᠪᠠᠷ ᠡᠳᠦᠢ ᠲᠡᠳᠦᠢ ᠵᠤᠬᠢᠶᠠᠯ ᠪᠦᠲᠦᠭᠡᠯ ᠲᠤᠭᠤᠷᠪᠢᠵᠤ ᠬᠡᠪᠯᠡᠭᠦᠯᠦᠭᠰᠡᠨ ᠪᠠᠢᠨ᠎ᠠ᠃ ᠲᠤᠰ ᠦᠭᠦᠯᠡᠯ ᠳᠦ ᠹᠦᠯᠤᠩᠭ᠍ᠠ ᠶᠢᠨ ᠨᠠᠮᠳᠠᠷ ᠲᠡᠦᠬᠡ ᠶᠢ ᠲᠤᠪᠴᠢ ᠲᠠᠨᠢᠯᠴᠠᠭᠤᠯᠬᠤ ᠶᠢᠨ ᠬᠠᠮᠲᠤ᠂ ᠲᠡᠭᠦᠨ ᠦ ᠵᠤᠬᠢᠶᠠᠯ ᠪᠦᠲᠦᠭᠡᠯ ᠦᠨ ᠲᠤᠢᠮᠤ ᠪᠠᠢᠳᠠᠯ ᠬᠢᠭᠡᠳ ᠮᠣᠩᠭᠤᠯ ᠬᠡᠯᠡ ᠰᠢᠨᠵᠢᠯᠡᠯ ᠦᠨ ᠲᠤᠬᠠᠢ ᠦᠭᠦᠯᠡᠯ ᠵᠤᠬᠢᠶᠠᠯ ᠤᠨ ᠬᠢᠨᠢ ᠠᠭᠤᠯᠭ᠎ᠠ ᠶᠢ ᠵᠠᠳᠠᠯᠤᠨ ᠰᠢᠨᠵᠢᠯᠡᠵᠦ᠂ ᠡᠷᠳᠡᠮ ᠰᠢᠨᠵᠢᠯᠡᠭᠡᠨ ᠦ ᠦᠨ᠎ᠡ ᠦᠷᠲᠡᠭ ᠪᠡ ᠠᠴᠢ ᠬᠤᠯᠪᠤᠭᠳᠠᠯ ᠢ ᠨᠢ ᠨᠡᠢᠭᠡᠮ ᠨᠡᠢᠲᠡ ᠳᠦ ᠣᠢᠯᠠᠭᠠᠭᠤᠯᠬᠤ ᠶᠢ ᠵᠤᠷᠢᠪᠠ᠃ |
原文 |
查看原文
|
出自 |
中国蒙古学
2015年
第5期
|