题名 |
ᠪᠠᠷᠠᠭᠤᠨ ᠣᠷᠤᠨ ᠳᠤ ᠠᠮᠢ ᠠᠬᠤᠢ ᠶᠢᠨ ᠨᠦᠬᠦᠪᠦᠷᠢᠯᠡᠯᠲᠡ ᠶᠢᠨ ᠲᠤᠭᠲᠠᠴᠠ ᠶᠢ ᠪᠠᠢ᠌ᠭᠤᠯᠬᠤ ᠲᠤᠬᠠᠢ ᠪᠤᠳᠤᠯᠭᠠᠰᠢᠷᠠᠯ |
作者 |
ᠨᠠᠷᠠᠨᠲᠤᠶᠠᠭ᠎ᠠ |
关键词 |
ᠪᠠᠷᠠᠭᠤᠨ ᠣᠷᠤᠨ; ᠠᠮᠢ ᠠᠬᠤᠢ ᠶᠢᠨ ᠡᠪᠳᠡᠯᠭᠡ; ᠠᠵᠤ ᠠᠬᠤᠢ ᠶᠢᠨ ᠠᠷᠭ᠎ᠠ ᠬᠡᠷᠡᠭᠯᠡᠭᠦᠷ; ᠠᠮᠢ ᠠᠬᠤᠢ ᠶᠢᠨ ᠨᠦᠬᠦᠪᠦᠷᠢᠯᠡᠯᠲᠡ ᠶᠢᠨ ᠲᠤᠭᠲᠠᠴᠠ |
摘要 |
ᠮᠠᠨ ᠤ ᠤᠯᠤᠰ ᠤᠨ ᠠᠮᠢ ᠠᠬᠤᠢ ᠶᠢᠨ ᠭᠤᠤᠯ ᠬᠠᠯᠬᠠᠪᠴᠢ ᠪᠤᠯᠤᠭᠰᠠᠨ ᠪᠠᠷᠠᠭᠤᠨ ᠣᠷᠤᠨ ᠤ ᠠᠮᠢ ᠠᠬᠤᠢ ᠶᠢᠨ ᠲᠦᠪᠰᠢᠨ ᠨᠢ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠰᠢᠭᠤᠳ ᠨᠦᠯᠦᠭᠡᠯᠡᠵᠦ ᠪᠠᠢ᠌ᠳᠠᠭ᠃ ᠠᠮᠢ ᠠᠬᠤᠢ ᠶᠢᠨ ᠨᠦᠬᠦᠪᠦᠷᠢᠯᠡᠯᠲᠡ ᠨᠢ ᠣᠷᠴᠢᠨ ᠲᠤᠭᠤᠷᠢᠨ ᠤ ᠡᠬᠢ ᠰᠤᠷᠪᠤᠯᠵᠢ ᠶᠢᠨ ᠦᠨ᠎ᠡ ᠦᠷᠲᠡᠭ ᠲᠦ ᠦᠭᠡᠷᠡᠴᠢᠯᠡᠯᠲᠡ ᠬᠢᠬᠦ ᠪᠤᠶᠤ ᠠᠮᠢ ᠠᠬᠤᠢ ᠶᠢᠨ ᠣᠷᠴᠢᠨ ᠲᠤᠭᠤᠷᠢᠨ ᠤ ᠵᠠᠷᠢᠮ ᠡᠬᠢ ᠰᠤᠷᠪᠤᠯᠵᠢ ᠶᠢᠨ ᠬᠡᠷᠡᠭᠯᠡᠯᠲᠡ ᠪᠤᠯᠤᠨ ᠨᠡᠭᠡᠭᠡᠯᠲᠡ ᠶᠢ ᠬᠢᠵᠠᠭᠠᠷᠯᠠᠬᠤ ᠪᠠᠷ ᠳᠠᠮᠵᠢᠭᠤᠯᠵᠤ᠂ ᠠᠮᠢ ᠠᠬᠤᠢ ᠶᠢᠨ ᠣᠷᠴᠢᠨ ᠲᠤᠭᠤᠷᠢᠨ ᠤ ᠮᠠᠭᠤᠳᠠᠬᠤ ᠶᠢ ᠬᠤᠷᠢᠭᠯᠠᠨ ᠵᠤᠭᠰᠤᠭᠠᠳᠠᠭ᠃ ᠠᠮᠢ ᠠᠬᠤᠢ ᠶᠢ ᠨᠦᠬᠦᠪᠦᠷᠢᠯᠡᠬᠦ ᠠᠵᠤ ᠠᠬᠤᠢ ᠶᠢᠨ ᠠᠷᠭ᠎ᠠ ᠬᠡᠷᠡᠭᠯᠡᠭᠦᠷ ᠢ ᠠᠰᠢᠭᠯᠠᠨ ᠮᠠᠨ ᠤ ᠤᠯᠤᠰ ᠤᠨ ᠪᠠᠷᠠᠭᠤᠨ ᠣᠷᠤᠨ ᠤ ᠣᠷᠴᠢᠨ ᠲᠤᠭᠤᠷᠢᠨ ᠤ ᠬᠠᠮᠠᠭᠠᠯᠠᠯᠲᠠ ᠬᠢᠭᠡᠳ ᠠᠵᠤ ᠠᠬᠤᠢ ᠶᠢᠨ ᠬᠦᠭ᠍ᠵᠢᠯᠲᠡ ᠶᠢᠨ ᠬᠤᠭᠤᠷᠤᠨᠳᠤᠬᠢ ᠵᠦᠷᠢᠴᠡᠯ ᠢ ᠰᠢᠢᠳᠪᠦᠷᠢᠯᠡᠬᠦ ᠶᠠᠪᠤᠳᠠᠯ ᠪᠤᠯ ᠪᠠᠷᠠᠭᠤᠨ ᠣᠷᠤᠨ ᠤ ᠲᠤᠭᠲᠠᠪᠤᠷᠢᠲᠠᠢ ᠬᠦᠭ᠍ᠵᠢᠬᠦ ᠶᠢ ᠪᠡᠶᠡᠯᠡᠭᠦᠯᠬᠦ ᠦᠨᠳᠦᠰᠦᠨ ᠱᠠᠭᠠᠷᠳᠠᠯᠭ᠎ᠠ ᠮᠦᠨ᠃ |
原文 |
查看原文
|
出自 |
赤峰学院学报(蒙文哲学社会科学版)
2009年
第2期
|