论文信息


题名 ᠲᠠᠯ ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠯᠲᠡ ᠶᠢᠨ ᠲᠣᠬᠠᠢ
作者 ᠱᠤᠸᠠᠩ ᠮᠸᠢ
关键词 ᠲᠠᠯ ᠠ ᠨᠤᠲᠤᠭ ᠤᠨ ᠠᠮᠢ ᠠᠬᠤᠢ ᠶᠢᠨ ᠨᠦᠬᠦᠪᠦᠷᠢᠯᠡᠯᠲᠡ; ᠲᠠᠯ ᠠ ᠨᠤᠲᠤᠭ ᠤᠨ ᠠᠮᠢ ᠠᠬᠤᠢ ᠶᠢᠨ ᠦᠷ ᠡ ᠠᠰᠢᠭ ᠤᠨ ᠨᠦᠬᠦᠪᠦᠷᠢᠯᠡᠯᠲᠡ
摘要 ᠲᠠᠯ ᠠ ᠨᠤᠲᠤᠭ ᠤᠨ ᠠᠮᠢ ᠬᠤᠢ ᠶᠢᠨ ᠨᠦᠬᠦᠪᠦᠷᠢᠯᠡᠯ ᠳᠡ ᠪᠣᠯ ᠤᠯᠤᠰ ᠡᠴᠡ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠪᠠ ᠦᠷᠬᠦᠯᠵᠢᠯᠡᠬᠦᠢᠴᠡ ᠬᠦᠭᠵᠢᠯᠲᠡ ᠵᠢ ᠪᠡᠶᠡᠯᠡᠭᠦᠯᠬᠦ  ᠶᠢᠨ ᠲᠦᠯᠦᠭᠡ ᠡᠬᠢ ᠪᠠᠶᠠᠯᠢᠭ ᠤᠨ ᠣᠷᠴᠢᠨ ᠲᠤᠭᠤᠷᠢᠨ ᠢ ᠡᠪᠳᠡᠬᠦ ᠪᠣᠶᠣ ᠬᠠᠮᠠᠭᠠᠯᠠᠬᠤ ᠪᠠᠢᠳᠠᠯ ᠳ᠋ᠤ ᠵᠤᠭᠤᠰ ᠬᠤᠷᠢᠶᠠᠬᠤ ᠪᠠ ᠨᠦᠬᠦᠪᠦᠷᠢᠯᠡᠬᠦ ᠪᠡᠷ ᠲᠠᠮᠵᠢᠨ᠂ ᠡᠢᠮᠦᠷᠬᠦᠦ ᠠᠵᠢᠯᠯᠠᠭ᠎ᠠ ᠶᠢᠨ ᠡᠬᠦ ᠮᠦᠩᠭᠦ ᠪᠠ ᠦᠷ ᠡ ᠠᠰᠢᠭ ᠢ ᠲᠡᠭᠡᠭᠰᠢᠯᠡᠬᠦᠯᠵᠦ᠂ ᠡᠭᠦᠨ ᠢᠢᠡᠷ ᠲᠠᠮᠵᠢᠨ ᠠᠵᠢᠯᠯᠠᠭᠠᠨ ᠤ ᠭᠤᠤᠯ ᠴᠣᠭᠴᠠ ᠵᠢ ᠬᠦᠬᠢᠭᠦᠯᠬᠦ ᠪᠠ ᠬᠠᠮᠠᠭᠠᠯᠠᠬᠤ ᠵᠢ ᠪᠠᠭᠠᠰᠭᠠᠬᠤ ᠪᠣᠶᠣ ᠨᠡᠮᠡᠭᠳᠡᠭᠦᠯᠵᠦ᠂ᠡᠬᠢ ᠪᠠᠶᠠᠯᠢᠭ ᠢ ᠬᠠᠮᠭᠠᠯᠠᠬᠤ ᠵᠤᠷᠢᠯᠭ᠎ᠠ ᠳ᠋ᠤ ᠪᠠᠨ ᠬᠦᠷᠬᠦ ᠵᠢ ᠬᠡᠯᠡᠨ᠎ᠠ᠃ ᠣᠳᠤ ᠲᠠᠯ ᠠ ᠨᠤᠲᠤᠭ ᠤᠨ ᠠᠮᠢ ᠠᠬᠤᠢ ᠶᠢᠨ ᠡᠪᠳᠡᠭᠳᠡᠯ ᠬᠦᠨᠳᠦ ᠨᠣᠴᠢᠲᠠᠢ ᠪᠣᠯᠵᠤ᠂ ᠪᠦᠬᠦᠢᠯᠡ ᠠᠮᠢ ᠠᠬᠤᠢ ᠶᠢᠨ ᠰᠢᠰᠲ᠋ᠧᠮ ᠤᠨ ᠠᠮᠤᠷ ᠲᠦᠪᠰᠢᠨ ᠢ ᠪᠠᠴᠢᠮ ᠪᠣᠯᠭᠠᠵᠤ᠂ ᠡᠯᠡᠰᠦᠨ ᠰᠢᠭᠤᠷᠭ᠎ᠠ ᠪᠣᠰᠬᠤ᠃ ᠭᠠᠵᠠᠷ ᠰᠢᠷᠤᠢ ᠶᠢᠨ ᠲᠠᠴᠢᠷᠲᠠᠯ᠂ ᠤᠰᠤ ᠬᠦᠷᠦᠰᠦᠨ ᠤ ᠤᠷᠤᠰᠬᠠᠭᠳᠠᠯ ᠵᠡᠷᠭᠡ ᠦᠵᠡᠭᠳᠡᠯ ᠨᠢ ᠤᠯᠠᠮ ᠬᠦᠷᠲᠡᠬᠦ ᠪᠣᠯᠵᠠᠢ᠃ ᠡᠢᠮᠦ ᠡᠴᠡ ᠨᠡᠩ ᠪᠦᠷᠢᠨ ᠲᠡᠭᠦᠯᠳᠡᠷ ᠠᠮᠢ ᠠᠬᠤᠢ ᠶᠢᠨ ᠬᠠᠮᠠᠭᠠᠯᠠᠯᠲᠠ ᠪᠠ ᠠᠮᠢ ᠠᠬᠤᠢ ᠶᠢᠨ ᠦᠷ ᠡ ᠠᠰᠢᠭ ᠤᠨ ᠨᠦᠬᠦᠪᠦᠷᠢᠯᠡᠯᠲᠡ ᠶᠢᠨ ᠲᠦᠷᠢᠮ ᠲᠤᠭᠲᠠᠭᠠᠯ ᠢ ᠲᠤᠭᠲᠠᠭᠠᠵᠤ᠂ ᠠᠮᠢ ᠠᠬᠤᠢ ᠶᠢᠨ ᠨᠦᠬᠦᠪᠦᠷᠢ ᠶᠢᠨ ᠮᠦᠩᠭᠦ ᠵᠢ ᠲᠠᠷᠬᠠᠬᠤ ᠬᠦᠴᠦᠯᠡᠴᠠ ᠪᠠ ᠦᠷᠭᠡᠴᠡ ᠵᠢ ᠶᠡᠭᠡᠰᠭᠡᠵᠦ᠂ ᠠᠮᠢ ᠠᠬᠤᠢ ᠶᠢᠨ ᠪᠣᠯᠪᠠᠰᠤᠨ ᠤ ᠲᠦᠪᠰᠢᠨ ᠢ ᠲᠡᠭᠡᠭᠰᠢᠯᠡᠬᠦᠯᠵᠦ᠂ ᠠᠵᠤ ᠠᠬᠤᠢ᠂ ᠨᠡᠢᠭᠡᠮ ᠪᠠ ᠣᠷᠴᠢᠨ ᠲᠤᠭᠤᠷᠢᠨ ᠤ ᠡᠶ ᠡ ᠨᠠᠢᠷᠠᠮᠳᠠᠭᠤ ᠬᠦᠭᠵᠢᠯᠲᠡ ᠵᠢ ᠪᠠᠲᠤᠯᠠᠬᠤ ᠬᠡᠷᠡᠭᠲᠡᠢ᠃
原文 查看原文
出自 赤峰学院学报(蒙文哲学社会科学版) 2012年 第3期

联系我们


内蒙古大学图书馆
呼和浩特市大学西路235号
中国·内蒙古
P: (0471) 4992561
E: huangfeilong@imu.edu.cn