题名 |
ᠮᠣᠩᠭᠤᠯ ᠦᠨᠳᠦᠰᠦᠲᠡᠨ ᠤ ᠠᠷᠠᠯᠵᠢᠶ ᠠ ᠬᠤᠳᠠᠯᠳᠤᠭᠠᠨ ᠤ ᠦᠪᠡᠷᠮᠢᠴᠡ ᠬᠡᠯᠪᠡᠷᠢ ᠪᠠ ᠵᠠᠩ ᠦᠢᠯᠡ ᠳ᠋ᠤ ᠬᠤᠯᠪᠤᠭᠳᠠᠭᠰᠠᠨ ᠬᠡᠳᠦᠨ ᠠᠰᠠᠭᠤᠳᠠᠯ |
作者 |
ᠡᠰᠡᠷᠡᠭᠰᠠᠩ; ᠶᠢᠦ ᠴᠢᠤᠸᠠᠨ |
关键词 |
ᠮᠣᠩᠭᠤᠯ ᠦᠨᠳᠦᠰᠦᠲᠡᠨ ;ᠠᠷᠠᠯᠵᠢᠶ ᠠ ᠬᠤᠳᠠᠯᠳᠤᠭ᠎ᠠ;ᠦᠪᠡᠷᠮᠢᠴᠡ ᠬᠡᠯᠪᠡᠷᠢ ;ᠵᠠᠩ ᠦᠢᠯᠡ |
摘要 |
ᠲᠡᠦᠬᠡ ᠰᠤᠷᠪᠤᠯᠵᠢ ᠵᠢ ᠦᠨᠳᠦᠰᠦᠯᠡᠪᠡᠯ ᠠᠷᠠᠯᠵᠢᠶ ᠠ ᠬᠤᠳᠠᠯᠳᠤᠭ᠎ᠠ ᠮᠣᠩᠭᠤᠯᠴᠤᠳ ᠤᠨ ᠦᠢᠯᠡᠳᠪᠦᠷᠢᠯᠡᠯ ᠠᠮᠢᠳᠤᠷᠠᠯ ᠳ᠋ᠤ ᠲᠤᠩ ᠶᠣᠬᠣ ᠱᠠᠭᠠᠷᠳᠠᠭᠳᠠᠵᠤ ᠪᠠᠢᠭᠰᠠᠨ ᠭᠡᠳᠡᠭ ᠪᠣᠯᠪᠠᠴᠦ ᠲᠡᠷᠡ ᠨᠢ ᠮᠣᠩᠭᠤᠯᠴᠤᠳ ᠤᠨ ᠠᠮᠢᠳᠤᠷᠠᠯ ᠤᠨ ᠠᠷᠭ᠎ᠠ ᠮᠠᠶᠢᠭ ᠤᠨ ᠬᠤᠪᠢ ᠪᠡᠷ ᠠᠮᠢᠳᠤᠷᠠᠯ ᠲᠡᠦᠬᠡᠨ ᠳ᠋ᠤᠨᠢ ᠬᠦᠨ ᠦᠨᠳᠦᠦᠰᠨ ᠬᠠᠳᠬᠤᠭᠰᠠᠨ ᠦᠭᠡᠢ᠂ ᠠᠷᠠᠯᠵᠢᠶ ᠠ ᠬᠤᠳᠠᠯᠳᠤᠭᠠᠨ ᠤ ᠲᠣᠬᠠᠢ ᠪᠦᠷᠢᠨ ᠰᠢᠰᠲ᠋ᠸᠮ ᠲᠠᠢ ᠲᠦᠭᠡ ᠰᠣᠶᠣᠯ ᠬᠡᠮᠡᠷ ᠵᠦᠢᠯ ᠬᠠᠩᠭᠠᠮᠵᠢᠲᠠᠢ ᠬᠤᠴᠤᠷᠤᠭᠰᠠᠨ ᠦᠭᠡᠢ ᠶᠣᠮ᠃ ᠬᠡᠶ ᠡ ᠶᠠᠮᠠᠷ ᠪᠠᠢᠭᠰᠠᠨ ᠴᠦ ᠮᠣᠩᠭᠤᠯᠴᠤᠳ ᠤᠨ ᠲᠡᠦᠬᠡ ᠰᠣᠶᠣᠯ ᠨᠢ ᠨᠢᠭᠡ ᠬᠡᠰᠡᠭ ᠪᠣᠯᠤᠭᠰᠠᠨ ᠠᠷᠠᠯᠵᠢᠶ ᠠ ᠬᠤᠳᠠᠯᠳᠤᠭᠠᠨ ᠤ ᠲᠡᠦᠬᠡ ᠰᠣᠶᠣᠯ ᠢ ᠳ᠋ᠦᠩᠨᠡᠬᠦ ᠡᠭᠦᠷᠭᠡ ᠮᠠᠨᠤᠰ ᠤᠨ ᠮᠦᠷᠦᠨ ᠲᠡᠭᠡᠷ ᠡ ᠲᠠᠯᠪᠢᠭᠳᠠᠵᠤ ᠪᠠᠢᠨ᠎ᠠ᠃ ᠮᠣᠩᠭᠤᠯ ᠦᠨᠳᠦᠰᠦᠲᠡᠨ ᠤ ᠠᠷᠠᠯᠵᠢᠶ ᠠ ᠬᠤᠳᠠᠯᠳᠤᠭᠠᠨ ᠤ ᠲᠡᠦᠬᠡ ᠡᠴᠡ ᠦᠵᠡᠪᠡᠯ ᠮᠣᠩᠭᠤᠯᠴᠤᠳ ᠤᠨ ᠠᠷᠠᠯᠵᠢᠶ ᠠ ᠬᠤᠳᠠᠯᠳᠤᠭᠠᠨ ᠤ ᠠᠵᠢᠯᠯᠠᠭ᠎ᠠ ᠳ᠋ᠤ ᠬᠦᠨ ᠬᠦᠨᠵᠡᠭᠡᠢ ᠦᠪᠡᠷᠮᠢᠡᠴᠡ ᠰᠢᠨᠵᠢ ᠲᠠᠢ ᠪᠠᠢᠬᠤ ᠪᠦᠭᠡᠳ ᠡᠨᠡᠬᠦ ᠦᠪᠡᠷᠮᠢᠡᠴᠡ ᠰᠢᠨᠵᠢ ᠨᠢ ᠮᠣᠩᠭᠤᠯᠴᠤᠳ ᠤᠨ ᠠᠷᠠᠯᠵᠢᠶ ᠠ ᠬᠤᠳᠠᠯᠳᠤᠭᠠᠨ ᠤ ᠬᠦᠭᠵᠢᠯᠲᠡ ᠶᠢᠨ ᠪᠠᠢᠳᠠᠯ ᠢ ᠲᠤᠭᠲᠠᠭᠠᠵᠤ᠂ ᠲᠡᠷᠡᠴᠢᠯᠠᠨ ᠵᠠᠩ ᠦᠢᠯᠡ ᠵᠢ ᠴᠦ ᠨᠦᠯᠦᠭᠡᠯᠡᠭᠰᠡᠨ ᠪᠠᠢᠨ᠎ᠠ᠃ |
原文 |
没有原文
|
出自 |
蒙古学研究
1992年
第3期
|