论文信息


题名 《ᠮᠣᠩᠭᠤᠯ ᠤᠨ ᠨᠢᠭᠤᠴᠠ ᠲᠤᠪᠴᠢᠶᠠᠨ》᠋ ᠤ ᠵᠦᠢᠷᠯᠡᠯ ᠦᠭᠡ ᠶᠢᠨ ᠲᠤᠬᠠᠢ
作者 ᠬᠠᠢ ᠰᠢᠶᠠ
关键词 《ᠮᠣᠩ᠋ᠭᠤᠯ ᠤᠨ ᠨᠢᠭᠤᠴᠠ ᠲᠤᠪᠴᠢᠶᠠᠨ》; ᠵᠦᠢᠷᠯᠡᠯ ᠦᠭᠡᠰ; ᠤᠳᠬ᠎ᠠ ᠰᠠᠨᠠᠭ᠎ᠠ
摘要 《ᠮᠣᠩ᠋ᠭᠤᠯ ᠤᠨ ᠨᠢᠭᠤᠴᠠ ᠲᠤᠪᠴᠢᠶᠠᠨ》(ᠳᠠᠷᠠᠭ᠎ᠠ ᠪᠠᠷ 《ᠲᠤᠪᠴᠢᠶᠠᠨ》ᠭᠡᠵᠦ ᠲᠤᠪᠴᠢᠯᠠᠨ᠎ᠠ) ᠪᠤᠯ ᠮᠣᠩ᠋ᠭᠤᠯ ᠦᠨᠳᠦᠰᠦᠲᠡᠨ ᠦ ᠰᠤᠶᠤᠯ ᠲᠡᠦᠬᠡ ᠶᠢᠨ ᠰᠤᠷᠪᠤᠯᠵᠢ ᠪᠢᠴᠢᠭ᠌ ᠦᠨ ᠨᠤᠶᠠᠨ ᠣᠷᠭᠢᠯ᠂ ᠡᠷᠲᠡᠨ ᠦ ᠮᠣᠩ᠋ᠭᠤᠯᠴᠤᠳ ᠤᠨ ᠨᠡᠢ᠌ᠭᠡᠮ᠂ ᠲᠡᠦᠬᠡ᠂ ᠬᠡᠯᠡ᠂ ᠰᠤᠶᠤᠯ᠂ ᠠᠤ ᠠᠬᠤᠢ ᠶᠢᠨ ᠪᠦᠷᠢᠨ ᠴᠤᠭᠴᠠ ᠶᠢ ᠲᠤᠳᠤᠷᠠᠭᠤᠯᠤᠨ ᠲᠡᠮᠳᠡᠭᠯᠡᠭᠰᠡᠨ ᠨᠡᠪᠲᠡᠷᠬᠡᠢ ᠲᠤᠯᠢ ᠶᠢᠨ ᠰᠢᠨᠵᠢᠲᠡᠢ ᠲᠤᠯᠭᠤᠷ ᠪᠢᠴᠢᠭ᠌ ᠮᠦᠨ ᠪᠦᠭᠡᠳ ᠦᠭᠡ ᠬᠡᠯᠡᠨ ᠦ ᠰᠤᠶᠤᠯ ᠤᠨ ᠤᠯᠠᠮᠵᠢᠯᠠᠯ ᠪᠠ ᠦᠰᠦᠭ ᠪᠢᠴᠢᠭ᠌ ᠦᠨ ᠰᠤᠶᠤᠯ ᠤᠨ ᠡᠭᠦᠳᠦᠯᠲᠡ ᠶᠢᠨ ᠠᠩ᠋ᠬᠠᠨ ᠤ ᠨᠢᠭᠡᠲᠦᠯ ᠢ ᠪᠡᠶᠡᠯᠡᠭᠦᠯᠦᠭᠰᠡᠨ ᠠᠪᠤᠷᠭᠤ ᠪᠦᠲᠦᠭᠡᠯ ᠪᠤᠯᠤᠨ᠎ᠠ᠃ ᠲᠡᠭᠦᠨ ᠳᠦ ᠬᠦᠮᠦᠨ᠂ ᠠᠮᠢᠲᠠᠨ᠂ ᠲᠤᠭ᠎ᠠ᠂ ᠣᠷᠤᠨ᠂ ᠦᠩᠭᠡ᠂ ᠴᠢᠨᠠᠷ᠂ ᠭᠠᠯ᠂ ᠤᠰᠤ᠂ ᠮᠤᠳᠤ᠂ ᠴᠢᠯᠠᠭᠤ᠂ ᠭᠡᠷ᠂ ᠣᠷᠤᠨ ᠰᠠᠭᠤᠴᠠ ᠵᠡᠷᠭᠡ ᠳᠤ ᠬᠤᠯᠪᠤᠭᠳᠠᠭᠰᠠᠨ ᠵᠦᠢᠷᠯᠡᠯ ᠦᠭᠡᠰ ᠮᠠᠰᠢ ᠣᠯᠠᠨ ᠪᠤᠢ᠃ ᠦᠭᠦᠯᠡᠯ ᠳᠤ᠂ ᠰᠤᠶᠤᠯ ᠲᠡᠦᠬᠡ ᠶᠢᠨ ᠡᠭᠦᠳᠡᠨ ᠡᠴᠡ ᠲᠡᠳᠡᠭᠡᠷ ᠵᠦᠢᠷᠯᠡᠯ ᠦᠭᠡᠰ ᠲᠦ ᠠᠭᠤᠯᠤᠭᠳᠠᠭᠰᠠᠨ ᠭᠦᠨᠵᠡᠭᠡᠢ ᠤᠳᠬ᠎ᠠ ᠰᠠᠨᠠᠭ᠎ᠠ ᠶᠢ ᠠᠭᠤᠳᠠᠯᠨ ᠢᠯᠡᠷᠡᠭᠦᠯᠬᠦ ᠶᠢ ᠵᠤᠷᠢᠪᠠ᠃
原文 查看原文
出自 中国蒙古学 2013年 第2期

联系我们


内蒙古大学图书馆
呼和浩特市大学西路235号
中国·内蒙古
P: (0471) 4992561
E: huangfeilong@imu.edu.cn