摘要 |
ᠰᠤᠷᠭᠠᠨ ᠬᠦᠮᠦᠵᠢᠬᠦᠯᠬᠦ ᠤᠬᠠᠭᠠᠨ ᠤ ᠨᠡᠢᠲᠡ ᠶᠢᠨ ᠬᠢᠴᠢᠶᠡᠯ ᠨᠢ ᠪᠠᠭᠰᠢ ᠶᠢᠨ ᠶᠡᠬᠡ ᠰᠤᠷᠭᠠᠭᠤᠯᠢ ᠶᠢᠨ ᠰᠤᠷᠤᠭᠴᠢᠳ ᠤᠨ ᠡᠷᠬᠡᠪᠰᠢ ᠰᠤᠷᠬᠤ ᠬᠢᠴᠢᠶᠡᠯ ᠪᠣᠯᠬᠤ ᠪᠦᠭᠡᠳ ᠲᠡᠷᠡ ᠨᠢ ᠪᠠᠭᠰᠢ ᠶᠢᠨ ᠰᠤᠷᠭᠠᠭᠤᠯᠢ ᠶᠢᠨ ᠣᠨᠴᠠᠯᠢᠭ ᠢ ᠲᠤᠪᠤᠢᠯᠭᠠᠭᠰᠠᠨ ᠭᠤᠤᠯ ᠬᠢᠴᠢᠶᠡᠯ ᠪᠣᠯᠤᠨ᠎ᠠ᠃ ᠣᠳᠤᠬᠠᠨ ᠳ᠋ᠤ ᠡᠨᠡ ᠲᠦᠷᠦᠯ ᠤᠨ ᠬᠢᠴᠢᠶᠡᠯ ᠤᠨ ᠵᠢᠭᠠᠨ ᠰᠤᠷᠭᠠᠯᠲᠠ ᠳ᠋ᠤ ᠨᠡᠯᠢᠶᠡᠳ ᠤᠯᠠᠨ ᠪᠣᠳᠠᠳᠠᠢ ᠠᠰᠠᠭᠤᠳᠠᠯ ᠣᠷᠤᠰᠢᠵᠤ᠂ ᠵᠢᠭᠠᠨ ᠰᠤᠷᠭᠠᠬᠤ ᠶᠠᠰᠤ ᠴᠢᠠᠨᠷ ᠤᠨ ᠲᠡᠭᠡᠭᠰᠢᠯᠡᠯᠲᠡ ᠵᠢ ᠨᠦᠯᠦᠭᠡᠵᠡᠦ ᠪᠠᠢᠨ᠎ᠠ᠃ ᠡᠨᠳᠡ ᠰᠤᠷᠭᠠᠨ ᠬᠦᠮᠦᠵᠢᠬᠦᠯᠬᠦ ᠤᠬᠠᠭᠠᠨ ᠤ ᠨᠡᠢᠲᠡ ᠶᠢᠨ ᠬᠢᠴᠢᠶᠡᠯ ᠤᠨ ᠵᠢᠭᠠᠨ ᠰᠤᠷᠭᠠᠯᠲᠠ ᠵᠢ ᠭᠡᠷᠬᠢᠨ ᠦᠭᠡᠷᠡᠴᠢᠯᠡᠵᠦ᠂ ᠬᠢᠷᠢ ᠲᠡᠭᠴᠠᠭᠰᠡᠨ ᠪᠠᠭᠰᠢ ᠵᠢ ᠬᠦᠮᠦᠵᠢᠬᠦᠯᠬᠦ ᠲᠣᠬᠠᠢ ᠰᠠᠨᠠᠯ ᠢᠢᠡᠨ ᠲᠡᠪᠰᠢᠭᠦᠯᠪᠡ᠃ |