摘要 |
ᠲᠤᠰ ᠦᠭᠦᠯᠡᠯ ᠳ᠋ᠤ ᠶᠡᠷᠡᠭᠡᠳ ᠣᠨ ᠤ ᠲᠡᠯᠡᠬᠡᠢ ᠶᠢᠨ ᠤᠯᠤᠰ ᠲᠦᠷᠦ ᠶᠢᠨ ᠪᠠᠢᠷᠢᠰᠢᠯ ᠪᠠ ᠪᠦᠷᠢᠯᠳᠦᠨ ᠪᠦᠲᠦᠬᠦ᠂ ᠤᠯᠠᠨ ᠤᠯᠤᠰ ᠤᠨ ᠬᠢᠮᠤᠷᠤᠯᠳᠤᠭᠠᠨ ᠢ ᠰᠢᠢᠳᠪᠦᠷᠢᠯᠷᠬᠦ ᠪᠠ ᠤᠯᠤᠰ ᠤᠨ ᠭᠤᠷᠪᠠᠨ ᠵᠦᠢᠯ ᠤᠨ ᠠᠰᠢᠭ ᠲᠤᠰᠠ(ᠠᠮᠤᠷ ᠲᠦᠪᠰᠢᠨ ᠤ ᠠᠰᠢᠭ ᠲᠤᠰᠠ᠂ ᠤᠯᠤᠰ ᠲᠦᠷᠦ ᠶᠢᠨ ᠠᠰᠢᠭ ᠲᠤᠰᠠ᠂ ᠠᠵᠤ ᠠᠬᠤᠢ ᠶᠢᠨ ᠠᠰᠢᠭ ᠲᠤᠰᠠ)ᠵᠢ ᠪᠠᠢᠷᠢᠰᠢᠭᠤᠯᠬᠤ ᠲᠠᠯ ᠠ ᠪᠡᠷ ᠠᠵᠤ ᠠᠬᠤᠢ ᠶᠢᠨ ᠡᠯᠸᠮᠸᠨ᠋ᠲ ᠶᠠᠮᠠᠷ ᠰᠢᠨ᠎ᠠ ᠦᠢᠯᠡᠳᠦᠯ ᠭᠠᠷᠭᠠᠵᠤ ᠪᠠᠢᠬᠤ ᠪᠣᠳᠠᠳᠤ ᠢᠯᠡᠷᠡᠯ ᠢ ᠲᠤᠷᠠᠳᠴᠤ᠂ ᠲᠡᠷᠡᠴᠢᠯᠠᠨ ᠡᠳᠡᠭᠡᠷ ᠢᠯᠡᠷᠡᠯ ᠪᠣᠢᠪᠣᠯᠤᠭᠰᠠᠨ ᠰᠢᠯᠲᠠᠭᠠᠨ ᠢ ᠬᠠᠢᠨ ᠰᠢᠨᠵᠢᠯᠡᠪᠡ᠃ ᠡᠳᠡᠭᠡᠷ ᠠᠰᠠᠭᠤᠳᠠᠯ ᠢ ᠲᠤᠳᠤᠷᠬᠠᠢᠯᠠᠬᠤ ᠨᠢ ᠬᠦᠢᠳᠡᠨ ᠲᠠᠢᠨ ᠤ ᠲᠠᠷᠠᠭᠠᠬᠢ ᠣᠯᠠᠨ ᠤᠯᠤᠰ ᠤᠨ ᠬᠠᠷᠢᠴᠠᠭ᠎ᠠ ᠶᠢᠨ ᠣᠨᠴᠠᠯᠢᠭ ᠪᠠ ᠬᠠᠨᠳᠤᠰᠢ ᠵᠢ ᠤᠨᠤᠪᠴᠢᠲᠠᠢ ᠤᠢᠯᠠᠭᠠᠨ ᠲᠠᠨᠢᠬᠤ᠂ ᠣᠳᠤᠬᠠᠨ ᠪᠠ ᠢᠷᠡᠭᠡᠳᠦᠢ ᠶᠢᠨ ᠲᠤᠮᠳᠠᠳᠤ ᠤᠯᠤᠰ ᠶᠠᠮᠠᠷ ᠰᠢᠭ᠋ ᠲᠡᠯᠡᠬᠡᠢ ᠶᠢᠨ ᠣᠷᠴᠢᠨ ᠠᠬᠤᠢ ᠳ᠋ᠤ ᠣᠷᠤᠰᠢᠬᠤ ᠵᠡᠷᠭᠡ ᠵᠢ ᠵᠦᠪ ᠲᠠᠨᠢᠬᠤ ᠳ᠋ᠤ ᠪᠦᠷ ᠲᠦᠢᠯ ᠤᠨ ᠴᠢᠬᠤᠯᠠ ᠠᠴᠢ ᠬᠣᠯᠪᠤᠭᠳᠠᠯ ᠲᠠᠢ᠃ |