摘要 |
ᠠᠷᠠᠳ ᠤᠨ ᠲᠠᠭᠤᠤ ᠪᠤᠯ ᠠᠷᠠᠳ ᠤᠯᠨᠨ ᠤ ᠪᠠᠶᠠᠷ ᠪᠠᠶᠠᠰᠤᠯ᠂ ᠤᠢᠳᠬᠠᠷ ᠭᠤᠨᠢᠭ᠂ ᠰᠠᠨᠠᠯ ᠮᠦᠷᠦᠭᠡᠳᠦᠯ᠂ ᠬᠦᠰᠡᠯ ᠵᠤᠷᠢᠯᠲᠠ ᠵᠡᠷᠭᠡ ᠤᠶᠠᠩᠭ᠎ᠠ ᠰᠡᠳᠬᠢᠯᠭᠡ ᠪᠠᠨ ᠢᠯᠡᠳᠭᠡᠬᠦ ᠳ᠋ᠤ ᠵᠤᠷᠢᠭᠤᠯᠤᠭᠰᠠᠨ ᠵᠤᠬᠢᠬᠤ ᠬᠦᠭ ᠠᠶ ᠠ ᠲᠠᠢ ᠤᠷᠠᠯᠢᠭ ᠤᠨ ᠬᠡᠯᠡᠪᠡᠷᠢ ᠪᠤᠯᠤᠨ ᠠ᠃ ᠮᠣᠩᠭᠤᠯᠴᠤᠳ ᠡᠷᠲᠡ ᠦᠶ ᠠ ᠡᠴᠡ ᠲᠠᠭᠤᠴᠢ ᠦᠨᠳᠦᠰᠦᠲᠡᠨ᠂ ᠰᠢᠯᠦᠭᠴᠢ ᠦᠨᠳᠦᠰᠦᠲᠡᠨ ᠭᠡᠵᠦ ᠲᠡᠯᠡᠭᠡᠢ ᠳ᠋ᠠᠬᠢᠨ᠎ᠠ ᠠᠯᠳᠠᠷᠰᠢᠭᠰᠠᠨ ᠰᠢᠭ ᠠᠷᠠᠳ ᠤᠨ ᠲᠠᠭᠤᠤ ᠶᠢᠨ ᠪᠦᠲᠦᠭᠡᠯ ᠴᠦ ᠦᠯᠡᠮᠵᠢ ᠤᠯᠠᠨ ᠪᠠᠢᠳᠠᠭ᠃ ᠣᠷᠴᠢᠮ ᠤᠨ ᠵᠢᠯ ᠤᠳ ᠲᠤ ᠠᠷᠠᠳ ᠤᠨ ᠲᠠᠭᠤᠤ ᠶᠢᠨ ᠤᠷᠴᠢᠭᠤᠯᠭ᠎ᠠ ᠶᠡᠬᠡ ᠪᠡᠷ ᠦᠷᠨᠢᠨ ᠬᠦᠭᠵᠢᠬᠦ ᠵᠢ ᠲᠠᠭᠠᠯᠳᠤᠨ ᠣᠷᠴᠢᠭᠤᠯᠭ᠎ᠠ ᠶᠢᠨ ᠠᠰᠠᠭᠤᠳᠠᠯ ᠴᠦ ᠲᠠᠰᠤᠷᠠᠯᠲᠠ ᠦᠭᠡᠢ ᠭᠠᠷᠴᠤ ᠪᠤᠢ᠃ ᠡᠨᠡᠨ ᠨᠢ ᠭᠤᠤᠯᠳᠠᠭᠤ ᠠᠷᠠᠳ ᠤᠨ ᠲᠠᠭᠤᠤ ᠶᠢᠨ ᠣᠷᠴᠢᠭᠤᠯᠭ᠎ᠠ ᠨᠡᠯᠢᠶᠡᠳ ᠤᠷᠲᠤ ᠬᠤᠭᠤᠴᠠᠭ᠎ᠠ ᠶᠠᠪᠤᠭᠳᠠᠭᠰᠠᠨ ᠪᠤᠯᠪᠠᠴᠤ ᠨᠢᠭᠡᠳᠦᠯᠲᠡᠢ ᠣᠷᠴᠢᠭᠤᠯᠭ᠎ᠠ ᠶᠢᠨ ᠵᠠᠷᠴᠢᠮ ᠪᠤᠢ ᠪᠤᠯᠵᠤ ᠪᠦᠷᠢᠯᠳᠦᠭᠰᠡᠨ ᠦᠭᠡᠢ ᠡᠴᠡ ᠪᠤᠯᠤᠭᠰᠠᠨ ᠶᠣᠮ᠃ |