摘要 |
ᠬᠤᠷᠴᠢᠨ ᠠᠷᠠᠳ ᠤᠨ ᠦᠯᠢᠭᠡᠷᠲᠦ ᠲᠠᠭᠤᠤ ᠵᠢ ᠴᠤᠭᠯᠠᠭᠤᠯᠤᠨ ᠡᠮᠬᠢᠳᠭᠡᠬᠦ ᠪᠤᠯ ᠠᠷᠠᠳ ᠤᠨ ᠲᠠᠭᠤᠤ ᠶᠢᠨ ᠰᠣᠳᠤᠯᠭᠠᠨ ᠤ ᠰᠠᠭᠤᠷᠢ ᠠᠵᠢᠯ ᠮᠦᠷᠲᠡᠭᠡᠨ ᠰᠣᠳᠤᠯᠭᠠᠨ ᠳ᠋ᠤ ᠡᠯᠪᠡᠭ ᠪᠠᠶᠠᠯᠢᠭ ᠡᠬᠡ ᠮᠠᠲ᠋ᠸᠷᠢᠶᠠᠯ ᠢ ᠬᠠᠩᠭᠠᠵᠤ᠂ ᠰᠣᠳᠤᠯᠭᠠᠨ ᠤ ᠴᠢᠠᠨᠷ ᠴᠢᠨᠰᠠᠭ᠎ᠠ ᠵᠢ ᠲᠡᠭᠡᠭᠰᠢᠯᠡᠬᠦᠯᠬᠦ ᠳ᠋ᠤ ᠴᠢᠬᠤᠯᠠ ᠨᠦᠯᠦᠭᠡ ᠦᠢᠯᠡᠳᠦᠯ ᠦᠵᠡᠭᠦᠯᠳᠡᠭ ᠶᠣᠮ᠃ ᠬᠤᠷᠴᠢᠨ ᠠᠷᠠᠳ ᠤᠨ ᠦᠯᠢᠭᠡᠷᠲᠦ ᠲᠠᠭᠤᠤ ᠵᠢ ᠤᠯᠤᠰ ᠤᠨ ᠲᠤᠳᠤᠭᠠᠲᠤ ᠭᠠᠳᠠᠭᠠᠲᠤ ᠳ᠋ᠤ ᠴᠤᠭᠯᠠᠭᠤᠯᠵᠤ ᠡᠮᠬᠢᠳᠭᠡᠭᠰᠡᠨ ᠪᠠᠢᠳᠠᠯ ᠢ ᠲᠦᠷᠦᠯᠵᠢᠬᠦᠯᠦᠨ ᠠᠩᠬᠢᠯᠠᠵᠤ᠂ ᠬᠤᠷᠴᠢᠨ ᠠᠷᠠᠳ ᠤᠨ ᠦᠯᠢᠭᠡᠷᠲᠦ ᠲᠠᠭᠤᠤ ᠪᠤᠶᠤ ᠮᠣᠩᠭᠤᠯ ᠠᠷᠠᠳ ᠤᠨ ᠲᠠᠭᠤᠤ ᠰᠣᠳᠤᠯᠤᠭᠠᠴᠢ ᠳ᠋ᠤ ᠶᠠᠮᠠᠷ ᠨᠢᠭᠡᠨ ᠰᠣᠳᠤᠯᠭᠠᠨ ᠤ ᠰᠤᠷᠠᠭ ᠵᠠᠩᠬᠢ ᠬᠠᠩᠭᠠᠵᠤ ᠦᠭᠬᠦ ᠨᠢ ᠮᠠᠰᠢ ᠴᠢᠬᠤᠯᠠ ᠡᠷᠳᠡᠮ ᠰᠢᠨᠵᠢᠯᠭᠡᠨ ᠤ ᠠᠴᠢ ᠬᠤᠯᠪᠤᠭᠳᠠᠯ ᠲᠠᠢ ᠦᠢᠯᠡ ᠠᠵᠢᠯᠯᠠᠭ᠎ᠠ ᠮᠦᠨ᠃ |