摘要 |
ᠡᠵᠡᠨ᠎ᠠ ᠲᠤᠷᠭᠤᠳ ᠮᠣᠩᠭᠤᠯᠴᠤᠳ ᠤᠨ ᠬᠤᠪᠴᠠᠰᠤ ᠵᠠᠰᠠᠯ ᠤᠨ ᠬᠤᠪᠢᠷᠠᠯᠲᠠ ᠨᠢ ᠭᠤᠤᠯᠳᠠᠭᠤ 20ᠳ᠋ᠤᠭᠠᠷ ᠵᠠᠭᠤᠨ ᠤ ᠲᠠᠪᠢᠭᠠᠳ ᠣᠨ ᠡᠴᠡ ᠡᠬᠢᠯᠡᠵᠡᠢ᠃ ᠬᠡᠯᠪᠡᠷᠢ ᠶᠠᠩᠵᠤ᠂ ᠬᠡᠪ ᠨᠠᠮᠪᠠ ᠶᠢᠨ ᠲᠠᠯ ᠠ ᠪᠡᠷ ᠲᠦᠬᠦᠮ ᠪᠤᠷᠤᠭᠵᠢᠭᠤᠨ ᠪᠠᠢᠭᠰᠠᠨ ᠡᠴᠡ ᠪᠠᠨ ᠭᠡᠭᠡᠨᠴᠢᠷ ᠭᠤᠸᠠᠯᠢᠭ ᠢ ᠬᠦᠭᠡᠭᠡᠴᠡᠯᠳᠦᠬᠦ ᠪᠤᠯᠵᠤ᠂ ᠲᠠᠯᠢᠩᠪᠤᠤ ᠵᠡᠷᠭᠡ ᠪᠠᠢᠭᠰᠠᠨ ᠡᠴᠡ ᠪᠠᠨ ᠲᠤᠷᠭ᠎ᠠ ᠲᠤᠷᠳᠤᠩ ᠪᠠ ᠰᠢᠨ᠎ᠠ ᠮᠡᠷᠭᠡᠵᠢᠯ ᠢᠢᠡᠷ ᠦᠢᠥᠡᠪᠦᠷᠢᠯᠡᠭᠰᠡᠨ ᠤᠯᠠᠨ ᠵᠦᠢᠯ ᠤᠨ ᠨᠡᠬᠡᠮᠡᠯ ᠪᠦᠰ ᠵᠡᠷᠭᠡ ᠵᠢ ᠬᠡᠷᠡᠭᠯᠡᠬᠦ ᠪᠤᠯᠤᠭᠰᠠᠨ ᠪᠠᠢᠨ᠎ᠠ᠃ ᠵᠢᠷᠤᠭ ᠲᠦᠯᠦᠪᠯᠡᠭᠡ; ᠡᠰᠭᠡᠵᠦ ᠤᠶᠤᠬᠤ᠂ ᠤᠷᠠᠯᠠᠬᠤ ᠮᠡᠷᠭᠡᠵᠢᠯ ᠤᠨ ᠲᠠᠯ ᠠ ᠪᠡᠷ ᠦᠪᠡᠷ ᠤᠨ ᠭᠠᠷ᠂ ᠬᠤᠷᠤᠭᠤ᠂ ᠮᠦᠴᠢ ᠪᠡᠷ ᠢᠢᠡᠨ ᠬᠡᠮᠵᠢᠨ ᠲᠤᠬᠢᠷᠠᠭᠤᠯᠵᠤ ᠪᠠᠢᠭᠰᠠᠨ ᠡᠴᠡ ᠪᠠᠨ ᠠᠭᠠᠵᠢᠮ ᠢᠢᠡᠷ ᠭᠡᠮᠵᠢᠬᠦᠷ ᠤᠨ ᠪᠠᠭᠠᠵᠢ ᠵᠢ ᠬᠡᠷᠡᠭᠯᠡᠵᠦ᠂ ᠬᠡᠮᠵᠢᠬᠦᠷ ᠤᠨ ᠨᠢᠭᠡᠴᠢ ᠶᠢᠨ ᠬᠤᠪᠢ ᠳ᠋ᠤ ᠰᠠᠨᠲᠢᠮᠸᠲ᠋ᠷ ᠢᠢᠡᠷ ᠪᠠᠷᠢᠮᠵᠢᠶᠠᠯᠠᠬᠤ ᠪᠤᠯᠤᠭᠰᠠᠨ ᠪᠠᠢᠨ᠎ᠠ᠃ |