摘要 |
ᠡᠷᠳᠡᠨᠢᠵᠢᠷᠦᠭᠡ ᠬᠤᠭᠤᠷᠴᠢ ᠶᠢᠨ ᠬᠤᠭᠤᠷ ᠤᠨ ᠦᠯᠢᠭᠡᠷ᠂ ᠬᠤᠯᠪᠤᠭ᠎ᠠ ᠶᠢᠨ ᠤᠯᠠᠮᠵᠢᠯᠠᠨ ᠵᠠᠯᠭᠠᠮᠵᠢᠯᠠᠵᠤ᠂ ᠬᠠᠮᠠᠭᠠᠯᠠᠨ ᠬᠦᠭᠵᠢᠬᠦᠯᠬᠦ ᠦᠢᠯᠡᠰ ᠲᠤ ᠨᠢᠭᠡ ᠨᠠᠰᠤ ᠪᠡᠷ ᠢᠢᠡᠨ ᠵᠢᠳᠬᠦᠨ ᠴᠢᠷᠮᠠᠢᠵᠤ᠂ ᠪᠠᠯᠠᠷᠠᠰᠢ ᠦᠭᠡᠢ ᠦᠨᠢᠲᠡ ᠶᠢᠨ ᠭᠠᠪᠢᠶ ᠠ ᠵᠢᠳᠬᠦᠯ ᠦᠵᠡᠬᠦᠯᠦᠭᠰᠡᠨ ᠢ ᠲᠤᠷᠠᠳᠬᠠᠨ ᠲᠡᠮᠳᠡᠭᠯᠡᠵᠦ᠂ ᠡᠷᠳᠡᠨᠢᠵᠢᠷᠦᠭᠡ ᠬᠤᠭᠤᠷᠴᠢ ᠶᠢᠨ ᠬᠦᠨ ᠤᠬᠠᠭᠠᠨᠯᠢᠭ ᠢ ᠡᠷᠬᠢᠮᠯᠡᠬᠦ ᠤᠷᠤᠰᠬᠠᠯ ᠪᠦᠯᠦᠭ ᠤᠨ ᠴᠢᠬᠤᠯᠠ ᠨᠢᠭᠡᠨ ᠲᠦᠯᠦᠭᠡᠯᠡᠭᠴᠢ ᠪᠤᠯᠤᠭᠰᠠᠨ ᠤ ᠬᠤᠪᠢ ᠳ᠋ᠤ ᠬᠦᠨ ᠤᠬᠠᠭᠠᠨᠯᠢᠭ ᠤᠷᠤᠰᠬᠠᠯ ᠢ ᠤᠳᠤᠷᠢᠳᠤᠨ ᠲᠠᠭᠠᠭᠤᠯᠤᠭᠰᠠᠨ᠂ ᠰᠢᠨ᠎ᠠ ᠦᠯᠢᠭᠡᠷ ᠬᠤᠯᠪᠤᠭ᠎ᠠ ᠵᠢ ᠵᠤᠬᠢᠶᠠᠯ ᠬᠡᠯᠡᠭᠰᠡᠨ᠂ ᠤᠯᠠᠮᠵᠢᠯᠠᠯᠲᠤ ᠦᠯᠢᠭᠡᠷ ᠬᠤᠯᠪᠤᠭ᠎ᠠ ᠵᠢ ᠦᠪᠯᠡᠨ ᠦᠯᠡᠳᠡᠭᠡᠭᠰᠡᠨ ᠂ ᠱᠠᠪᠢ ᠰᠤᠷᠭᠠᠵᠤ ᠦᠯᠢᠭᠡᠷ ᠤᠨ ᠤᠯᠠᠮᠵᠢᠯᠠᠭᠴᠢ ᠵᠢ ᠬᠦᠮᠦᠵᠢᠭᠦᠯᠦᠭᠰᠡᠨ ᠵᠡᠷᠭᠡ ᠲᠠᠪᠤᠨ ᠲᠠᠯ ᠠ ᠪᠡᠷ ᠦᠭᠦᠯᠡᠭᠰᠡᠨ ᠪᠠᠢᠨ᠎ᠠ᠃ |