题名 |
ᠬᠤᠷᠴᠢᠨ ᠠᠷᠠᠳ ᠤᠨ ᠦᠯᠢᠭᠡᠷᠲᠦ ᠲᠠᠭᠤᠤ ᠳ᠋ᠡᠬᠢ ᠤᠯᠠᠮᠵᠢᠯᠠᠯᠲᠤ ᠰᠡᠳᠭᠢᠯᠭᠡᠨ ᠤ ᠬᠤᠪᠢᠷᠠᠯ |
作者 |
ᠰᠡᠷᠠᠭᠡᠷᠡᠯ |
关键词 |
ᠦᠯᠢᠭᠡᠷᠲᠦ ᠲᠠᠭᠤᠤ; ᠰᠢᠯᠵᠢᠯᠲᠡ ᠶᠢᠨ ᠦᠶ ᠠ; ᠠᠮᠢᠳᠤᠷᠠᠯ ᠤᠨ ᠬᠡᠯᠪᠡᠷᠢ; ᠰᠡᠳᠭᠢᠯᠭᠡᠨ ᠤ ᠬᠤᠪᠢᠷᠠᠯ |
摘要 |
ᠬᠤᠷᠴᠢᠨ ᠠᠷᠠᠳ ᠤᠨ ᠦᠯᠢᠭᠡᠲᠦ ᠲᠠᠭᠤᠤ ᠪᠤᠯ ᠮᠣᠩᠭᠤᠯ ᠠᠮᠠᠨ ᠵᠤᠬᠢᠶᠠᠯ ᠤᠨ ᠨᠢᠭᠡ ᠴᠢᠬᠤᠯᠠ ᠬᠡᠯᠪᠡᠷᠢ ᠮᠦᠨ᠃ ᠲᠡᠷᠡ ᠨᠢ ᠮᠣᠩᠭᠤᠯᠴᠤᠳ ᠤᠨ ᠠᠵᠤ ᠠᠮᠢᠳᠤᠷᠠᠯ᠂ ᠨᠡᠢᠭᠡᠮ ᠲᠦᠡᠭᠡ᠂ ᠦᠵᠡᠯ ᠰᠠᠨᠠᠭ᠎ᠠ᠂ ᠵᠠᠩ ᠦᠢᠯᠡ᠂ ᠪᠤᠳᠤᠯ ᠰᠡᠳᠨᠬᠢᠯᠭᠡ ᠵᠡᠷᠭᠡ ᠰᠣᠶᠣᠯ ᠤᠨ ᠪᠦᠬᠦ ᠵᠦᠢᠯ ᠳ᠋ᠤ ᠬᠤᠯᠪᠤᠭᠳᠠᠬᠤ ᠤᠷᠤᠨ ᠨᠤᠲᠤᠭ ᠤᠨ ᠰᠣᠶᠣᠯ ᠤᠨ ᠨᠢᠭᠡᠨ ᠴᠢᠬᠤᠯᠠ ᠲᠡᠮᠳᠡᠭ ᠪᠤᠯᠬᠤ ᠶᠣᠮ᠃ ᠦᠯᠢᠭᠡᠷᠲᠦ ᠲᠠᠭᠤᠤ ᠨᠢ ᠪᠠᠭᠠᠲᠤᠷᠯᠢᠭ ᠲᠤᠤᠯᠢ ᠬᠤᠭᠤᠷ ᠤᠨ ᠦᠯᠢᠭᠡᠷ᠂ ᠤᠯᠠᠮᠵᠢᠯᠠᠯᠲᠤ ᠠᠷᠠᠳ ᠤᠨ ᠲᠠᠭᠤᠤ ᠵᠡᠷᠭᠡ ᠠᠷᠠᠳ ᠤᠨ ᠠᠮᠠᠨ ᠤᠷᠠᠯᠢᠭ ᠤᠨ ᠰᠢᠮ ᠠ ᠵᠢ ᠦᠷᠲᠡᠵᠦ ᠪᠠᠷᠤᠭ19ᠳ᠋ᠤᠭᠡᠷ ᠵᠠᠭᠤᠨ ᠤ ᠰᠡᠬᠦᠯᠴᠢ᠂ 20ᠳ᠋ᠤᠭᠠᠷ ᠵᠠᠭᠤᠨ ᠤ ᠡᠬᠢᠨ ᠤ ᠲᠡᠯᠡᠭᠡᠢ ᠳᠠᠬᠢᠨ ᠤ ᠠᠵᠤ ᠠᠬᠤᠢ᠂ ᠤᠯᠤᠰ ᠲᠦᠷᠦ ᠂ ᠦᠵᠡᠯ ᠰᠠᠨᠠᠭ᠂ ᠰᠣᠶᠣᠯ ᠪᠤᠯᠪᠠᠰᠤᠷᠠᠯ ᠤᠨ ᠶᠡᠬᠡ ᠰᠢᠯᠵᠢᠯᠲᠡ ᠶᠢᠨ ᠦᠶ ᠠ ᠪᠡᠷ ᠡᠭᠦᠰᠴᠦ ᠪᠦᠷᠢᠯᠳᠦᠭᠰᠡᠨ ᠤᠷᠤᠨ ᠨᠤᠲᠤᠭ ᠤᠨ ᠰᠣᠶᠣᠯ ᠤᠨ ᠦᠪᠡᠷᠮᠢᠴᠡ ᠣᠨᠴᠠᠯᠢᠭ ᠪᠦᠬᠦᠢ ᠠᠮᠠᠨ ᠬᠦᠦᠷᠨᠢᠯ ᠤᠨ ᠰᠤᠩᠭᠤᠳᠠᠭ ᠪᠦᠲᠦᠭᠡᠯ ᠶᠣᠮ ᠭᠡᠵᠦ ᠡᠷᠳᠡᠮᠲᠡᠳ ᠦᠵᠡᠳᠡᠭ᠃ ᠲᠤᠰ ᠪᠦᠲᠦᠭᠡᠯ ᠳ᠋ᠤ ᠪᠢᠳᠡ ᠰᠡᠳᠬᠢᠯ ᠵᠦᠢ ᠪᠠ ᠵᠠᠩᠰᠢᠯ ᠪᠤᠯᠪᠠᠰᠤᠷᠠᠯ ᠤᠨ ᠬᠠᠷᠭᠠᠰᠤ ᠡᠴᠡ ᠬᠤᠷᠴᠢᠨ ᠠᠷᠠᠳ ᠤᠨ ᠦᠯᠢᠭᠡᠷᠲᠦ ᠲᠠᠭᠤᠤ ᠳ᠋ᠤ ᠢᠯᠡᠷᠡᠵᠦ ᠪᠠᠢᠭ᠎ᠠ ᠰᠡᠳᠬᠢᠬᠦᠢ ᠵᠠᠩᠰᠢᠯ ᠤᠨ ᠬᠤᠪᠢᠷᠠᠯᠲᠠ ᠲᠠᠢ ᠬᠤᠯᠪᠤᠭᠳᠠᠯ ᠪᠦᠬᠦᠢ ᠵᠠᠷᠢᠮ ᠨᠢᠭᠡᠨ ᠰᠡᠳᠬᠢᠯᠭᠡᠨ ᠤ ᠦᠵᠡᠭᠳᠡᠯ ᠢ ᠰᠢᠨᠵᠢᠯᠡᠬᠦ ᠵᠢ ᠵᠤᠷᠢᠪᠠ᠃ |
原文 |
查看原文
|
出自 |
赤峰学院学报(蒙文哲学社会科学版)
2021年
第2期
|