摘要 |
ᠤᠷᠲᠤᠰ ᠮᠣᠩᠭᠤᠯ ᠠᠷᠠᠳ ᠤᠨ ᠲᠠᠭᠤᠤ ᠡᠷᠲᠡᠮᠲᠡᠨ ᠰᠣᠳᠤᠯᠤᠭᠴᠢ ᠶᠢᠨ ᠠᠩᠬᠠᠷᠤᠯ ᠰᠣᠨᠢᠷᠬᠠᠯ ᠢ ᠲᠠᠲᠠᠵᠤ᠂ ᠰᠣᠳᠤᠯᠭ᠎ᠠ ᠰᠢᠨᠵᠢᠯᠡᠭᠡᠨ ᠤ ᠠᠵᠢᠯ ᠨᠡᠯᠢᠶᠡᠳ ᠡᠷᠴᠢᠮ ᠲᠠᠢ ᠶᠠᠪᠤᠭᠳᠠᠵᠤ᠂ ᠡᠳᠦᠢ ᠲᠡᠳᠦᠢ ᠨᠣᠮ ᠰᠣᠳᠤᠷ ᠬᠡᠪᠯᠡᠭᠳᠡᠵᠦ᠂ ᠡᠷᠳᠡᠮ ᠰᠢᠨᠵᠢᠯᠡᠭᠡᠨ ᠤ ᠦᠭᠦᠯᠡᠯ ᠵᠤᠬᠢᠶᠠᠯ ᠨᠡᠢᠳᠡᠯᠡᠭᠳᠡᠵᠦ ᠵᠦᠭᠡᠷ ᠰᠠᠢᠨ ᠠᠮᠵᠢᠯᠲᠠ ᠤᠯᠤᠭᠰᠠᠨ ᠪᠠᠢᠨ ᠠ᠃ ᠤᠯᠤᠰ ᠤᠨ ᠲᠤᠳᠤᠭᠠᠲᠤ ᠶᠢᠨ ᠤᠷᠳᠤᠰ ᠮᠣᠩᠭᠤᠯ ᠠᠷᠠᠳ ᠤᠨ ᠲᠠᠭᠤᠤ ᠶᠢᠨ ᠰᠣᠳᠤᠯᠭᠠᠨ ᠤ ᠪᠦᠲᠦᠭᠡᠯ ᠢ ᠪᠦᠷᠢᠳᠭᠡᠨ ᠳ᠋ᠦᠩᠨᠡᠵᠦ᠂ ᠲᠦᠷᠦᠯᠵᠢᠬᠦᠯᠦᠨ ᠵᠠᠳᠠᠯᠵᠤ᠂ ᠤᠯᠵᠤ ᠠᠯᠳᠠᠭᠰᠠᠨ ᠵᠦᠢᠯᠡᠰ ᠢ ᠲᠤᠳᠤᠷᠠᠭᠤᠯᠤᠨ ᠦᠭᠦᠯᠡᠪᠡᠯ᠂ ᠬᠤᠵᠢᠮ ᠤᠨ ᠰᠣᠳᠤᠯᠭᠠᠨ ᠳ᠋ᠤ ᠶᠠᠮᠠᠷ ᠨᠢᠭᠡᠨ ᠡᠭᠡ ᠮᠠᠲ᠋ᠸᠷᠢᠶᠠᠯ᠂ ᠤᠨᠤᠯ᠂ ᠠᠷᠭ᠎ᠠ ᠵᠦᠢ ᠪᠠ ᠰᠤᠷᠠᠭ ᠵᠠᠩᠬᠢ ᠵᠢ ᠬᠠᠩᠭᠠᠵᠤ ᠪᠤᠯᠤᠨ᠎ᠠ᠃ |