题名 |
ᠬᠦᠦᠷᠨᠢᠯ ᠰᠣᠳᠤᠯᠭᠠᠨ ᠢ ᠰᠤᠷᠬᠤ ᠨᠠᠰᠤᠨ ᠡᠴᠡ ᠡᠮᠦᠨᠡᠬᠢ ᠰᠤᠷᠭᠠᠨ ᠬᠦᠮᠦᠵᠢᠯ ᠤᠨ ᠰᠣᠳᠤᠯᠭᠠᠨ ᠳ᠋ᠤ ᠬᠡᠷᠡᠭᠯᠡᠬᠦ ᠲᠤᠬᠠᠢ ᠦᠭᠦᠯᠡᠬᠦ ᠨᠢ |
作者 |
ᠤᠳᠤᠨᠭᠡᠷᠡᠯ |
关键词 |
ᠬᠦᠦᠷᠨᠢᠯ ᠰᠣᠳᠤᠯᠭᠠᠨ; ᠰᠤᠷᠬ ᠤᠨᠠᠰᠤᠨ ᠡᠴᠡ ᠡᠮᠦᠨᠡᠬᠢ ᠰᠤᠷᠭᠠᠨ ᠬᠦᠮᠦᠵᠢᠯ; ᠴᠢᠠᠨᠷ ᠤᠨ ᠰᠣᠳᠤᠯᠭᠠᠨ |
摘要 |
ᠬᠦᠦᠷᠨᠢᠯ ᠰᠣᠳᠤᠯᠭᠠᠨ ᠤ ᠠᠷᠭ᠎ᠠ ᠵᠢ ᠲᠦᠭᠦᠮᠨᠴᠢᠯᠡᠭᠡᠳ ᠬᠦᠦᠷᠨᠢᠯ ᠰᠣᠳᠤᠯᠭᠠᠨ ᠭᠡᠳᠡᠭ᠃ ᠨᠡᠢᠭᠡᠮ ᠤᠨ ᠰᠢᠨᠵᠢᠯᠡᠬᠦ ᠤᠬᠠᠭᠠᠨ ᠤ ᠬᠦᠷᠢᠶ ᠠ ᠴᠠᠷᠠᠭ᠎ᠠ ᠳ᠋ᠡᠬᠢ ᠪᠡᠶ ᠠ ᠪᠠᠨ ᠲᠠᠭᠠᠭᠰᠠᠨ ᠰᠣᠳᠤᠯᠭᠠᠨ ᠤ ᠠᠷᠭ᠎ᠠ ᠪᠤᠯᠬᠤ ᠮᠦᠷᠲᠡᠭᠡᠨ ᠪᠠᠰᠠ ᠪᠤᠰᠤᠳ ᠠᠷᠭ᠎ᠠ ᠲᠠᠢ ᠤᠶᠠᠯᠳᠤᠭᠤᠯᠤᠨ ᠬᠡᠷᠡᠭᠯᠡᠳᠡᠭ ᠦᠨᠳᠦᠷ ᠪᠦᠲᠦᠮᠵᠢᠲᠠᠢ ᠠᠷᠭ᠎ᠠ ᠮᠦᠨ᠃ ᠰᠤᠷᠬᠤ ᠨᠠᠰᠤᠨ ᠡᠴᠡ ᠡᠮᠦᠨᠡᠬᠢ ᠰᠤᠷᠭᠠᠨ ᠬᠦᠮᠦᠵᠢᠯ ᠤᠨ ᠰᠣᠳᠤᠯᠭᠠᠨ ᠨᠢ ᠨᠡᠢᠭᠡᠮ ᠤᠨ ᠰᠢᠨᠵᠢᠯᠡᠬᠦ ᠤᠬᠠᠭᠠᠨ ᠤ ᠬᠡᠯᠪᠡᠷᠢᠯ ᠲᠠᠢ ᠶᠡᠷᠦᠩᠬᠡᠢᠢᠯᠡᠭᠰᠡᠨ ᠰᠣᠳᠤᠯᠭᠠᠨ ᠪᠤᠯᠤᠭᠰᠠᠨ ᠤ ᠬᠤᠪᠢ ᠳ᠋ᠤ ᠬᠦᠦᠷᠨᠢᠯ ᠰᠣᠳᠤᠯᠭᠠᠨ ᠤ ᠠᠷᠭ᠎ᠠ ᠵᠢ ᠠᠩᠬᠠᠷᠤᠯ ᠳ᠋ᠤ ᠪᠠᠨ ᠠᠪᠴᠤ᠂ ᠨᠢᠭᠡᠨᠳᠡ ᠬᠠᠷᠢᠴᠠᠩᠭᠤᠢ ᠲᠤᠭᠲᠠᠪᠤᠷᠢᠵᠢᠭᠰᠠᠨ ᠬᠡᠷᠡᠭᠯᠡᠯᠲᠡ ᠶᠢᠨ ᠠᠯᠬᠤᠮ ᠲᠠᠷᠠᠭ᠎ᠠ ᠲᠠᠢ ᠪᠤᠯᠤᠭᠰᠠᠨ ᠪᠠᠢᠨ᠎ᠠ᠃ ᠲᠤᠰ ᠦᠭᠦᠯᠡᠯ ᠳ᠋ᠤ ᠰᠤᠷᠬᠤ ᠨᠠᠰᠤᠨ ᠡᠴᠡ ᠡᠮᠦᠨᠡᠬᠢ ᠰᠤᠷᠭᠠᠨ ᠬᠦᠮᠦᠵᠢᠯ ᠤᠨ ᠬᠦᠦᠷᠨᠢᠯ ᠰᠣᠳᠤᠯᠭᠠᠨ ᠤ ᠠᠭᠤᠯᠤᠭᠳᠠᠬᠤᠨ᠂ ᠡᠭᠦᠰᠦᠯ ᠬᠦᠭᠵᠢᠯ᠂ ᠴᠢᠬᠤᠯᠠ ᠴᠢᠠᠨᠷ ᠵᠢᠴᠢ ᠭᠡᠷᠡᠭᠯᠡᠯᠲᠡ ᠶᠢᠨ ᠠᠯᠬᠤᠮ ᠲᠠᠷᠠᠭ᠎ᠠ ᠵᠢ ᠦᠭᠦᠯᠡᠪᠡ᠃ |
原文 |
查看原文
|
出自 |
赤峰学院学报(蒙文哲学社会科学版)
2021年
第1期
|