题名 |
ᠬᠠᠮ ᠰᠤᠷᠭᠠᠯᠲᠠ ᠵᠢ ᠶᠡᠬᠡ ᠰᠤᠷᠭᠠᠭᠤᠯᠢ ᠶᠢᠨ ᠠᠩᠯᠢ ᠬᠡᠯᠡᠨ ᠤ ᠶᠠᠷᠢᠶᠠᠨ ᠤ ᠬᠢᠴᠢᠶᠡᠯ ᠲᠡᠭᠡᠷ ᠠ ᠬᠡᠷᠡᠭᠵᠢᠬᠦᠯᠬᠦ ᠲᠤᠬᠠᠢ ᠦᠭᠦᠯᠡᠬᠦ ᠨᠢ |
作者 |
ᠰᠣᠶᠤᠯᠲᠤ; ᠰᠠᠷᠠᠨᠭᠡᠷᠡᠯ |
关键词 |
ᠰᠦᠯᠵᠢᠶᠠᠨ ᠰᠤᠷᠭᠠᠯᠲᠠ; ᠤᠯᠠᠮᠵᠢᠯᠠᠯᠲᠤ ᠰᠤᠷᠭᠠᠯᠲᠠ; ᠶᠠᠷᠢᠬᠤ ᠴᠢᠳᠠᠪᠤᠷᠢ; ᠬᠠᠮ ᠰᠤᠷᠭᠠᠯᠲᠠ |
摘要 |
ᠲᠤᠰ ᠦᠭᠦᠯᠡᠯ ᠳ᠋ᠤ ᠶᠡᠬᠡ ᠰᠤᠷᠭᠠᠭᠤᠯᠢ ᠶᠢᠨ ᠠᠩᠯᠢ ᠬᠡᠯᠡᠨ ᠤ ᠬᠢᠴᠢᠶᠡᠯ ᠳ᠋ᠡᠬᠢ ᠰᠤᠷᠤᠭᠴᠢ ᠶᠢᠨ ᠶᠠᠷᠢᠶᠠᠨ ᠤ ᠴᠢᠳᠠᠪᠤᠷᠢ ᠵᠢ ᠲᠡᠭᠡᠭᠰᠢᠯᠡᠬᠦᠯᠬᠦ ᠬᠠᠷᠠᠭᠠᠨ ᠡᠴᠡ ᠬᠤᠶᠠᠷ ᠵᠦᠢᠯ ᠤᠨ ᠰᠤᠷᠭᠠᠯᠲᠠ(ᠲᠤᠬᠠᠢᠯᠠᠪᠠᠯ ᠤᠯᠠᠮᠵᠢᠯᠠᠯᠲᠤ ᠰᠤᠷᠭᠠᠯᠲᠠ ᠪᠤᠯᠤᠨ ᠰᠦᠯᠵᠢᠶᠠᠨ ᠰᠤᠷᠭᠠᠯᠲᠠ) ᠶᠢᠨ ᠠᠷᠭ᠎ᠠ ᠬᠡᠯᠪᠡᠷᠢ ᠵᠢ ᠬᠠᠷᠢᠴᠠᠭᠤᠯᠤᠨ ᠰᠢᠨᠵᠢᠵᠦ᠂ ᠲᠡᠳᠡᠨ ᠤ ᠣᠨᠴᠠᠯᠢᠭ ᠰᠢᠨᠵᠢ ᠵᠢ ᠲᠤᠳᠤᠷᠠᠭᠤᠯᠤᠨ᠂ ᠡᠨᠡ ᠬᠤᠶᠠᠷ ᠵᠦᠢᠯ ᠤᠨ ᠵᠢᠭᠠᠨ ᠰᠤᠷᠭᠠᠯᠲᠠ ᠶᠢᠨ ᠬᠡᠯᠪᠡᠷᠢ ᠵᠢ ᠤᠶᠠᠯᠳᠤᠭᠤᠯᠤᠭᠰᠠᠨ ᠬᠠᠮ ᠰᠤᠷᠭᠠᠯᠲᠠ ᠶᠢᠨ ᠪᠤᠳᠠᠳᠠᠢ ᠬᠡᠷᠡᠭᠯᠡᠬᠦ ᠵᠢᠱᠢᠶ ᠠ ᠵᠢ ᠲᠠᠭᠠᠯᠳᠤᠭᠤᠯᠤᠨ ᠲᠤᠷᠠᠳᠴᠤ᠂ ᠶᠡᠬᠡ ᠰᠤᠷᠭᠠᠭᠤᠯᠢ ᠶᠢᠨ ᠠᠩᠯᠢ ᠬᠡᠯᠡᠨ ᠤ ᠶᠠᠷᠢᠶᠠᠨ ᠤ ᠬᠢᠴᠢᠶᠡᠯ ᠤᠨ ᠬᠢᠴᠢᠶᠡᠯᠡᠯᠬᠦ ᠠᠷᠭ᠎ᠠ ᠪᠠᠷᠢᠯ ᠢ ᠦᠭᠡᠷᠡᠴᠢᠯᠠᠵᠦ᠂ ᠰᠤᠷᠤᠭᠴᠢᠳ ᠤᠨ ᠠᠩᠯᠢ ᠬᠡᠯᠡᠨ ᠤ ᠶᠠᠷᠢᠵᠦ ᠢᠯᠡᠳᠭᠡᠬᠦ ᠴᠢᠳᠠᠪᠤᠷᠢ ᠵᠢ ᠰᠠᠢᠵᠢᠷᠠᠭᠤᠯᠬᠤ ᠵᠢ ᠵᠤᠷᠢᠵᠠᠢ᠃ |
原文 |
查看原文
|
出自 |
赤峰学院学报(蒙文哲学社会科学版)
2020年
第6期
|