题名 |
ᠠᠳᠠᠯᠢ ᠪᠤᠰᠤ ᠮᠠᠯ ᠮᠠᠯᠵᠢᠬᠤ ᠬᠡᠯᠪᠡᠷᠢ ᠳ᠋ᠤ ᠬᠢᠭᠰᠡᠨ ᠤᠨᠤᠯ ᠤᠨ ᠬᠠᠨᠳᠤᠯᠭ᠎ᠠ ᠪᠤᠯᠤᠨ ᠲᠡᠭᠦᠨ ᠤ ᠣᠨᠴᠠᠯᠢᠭ ᠰᠢᠨᠵᠢ᠂ ᠤᠷᠤᠰᠢᠵᠦ ᠪᠤᠢ ᠠᠰᠠᠭᠤᠳᠠᠯ ᠤᠨ ᠲᠤᠬᠠᠢ ᠬᠠᠷᠢᠴᠠᠭᠤᠯᠤᠭᠰᠠᠨ ᠰᠢᠨᠵᠢᠯᠡᠭᠡ |
作者 |
ᠤᠯᠠᠭᠠᠨ; ᠨᠠᠷᠠᠰᠤ |
关键词 |
ᠮᠠᠯ ᠮᠠᠯᠵᠢᠬᠤ ᠬᠡᠯᠪᠡᠷᠢ; ᠲᠦᠷᠦ ᠶᠢᠨ ᠪᠤᠳᠤᠯᠭ᠎ᠠ; ᠦᠷ ᠠ ᠨᠦᠯᠦᠭᠡ |
摘要 |
ᠮᠠᠯᠴᠢᠨ ᠠᠷᠠᠳ ᠤᠨ ᠤᠷᠤᠰᠢᠨ ᠲᠤᠭᠲᠠᠨᠢᠬᠤ ᠶᠢᠨ ᠦᠨᠳᠦᠰᠦ ᠪᠤᠯ ᠮᠠᠯ ᠠᠵᠤ ᠠᠬᠤᠢ ᠪᠠᠢᠵᠤ᠂ ᠪᠡᠯᠴᠢᠭᠡᠷ ᠠᠰᠢᠭᠯᠠᠯᠲᠠ ᠶᠢᠨ ᠪᠤᠳᠤᠯᠭ᠎ᠠ ᠵᠢ ᠵᠦᠪ ᠬᠡᠷᠡᠭᠵᠢᠬᠦᠯᠦᠭᠰᠡᠨ ᠢᠢᠡᠷ ᠮᠠᠯᠴᠢᠳ ᠤᠨ ᠤᠷᠤᠰᠢᠨ ᠲᠤᠭᠲᠠᠨᠢᠬᠤ ᠵᠢ ᠲᠤᠭᠲᠠᠪᠤᠷᠢᠳᠠᠢ ᠪᠠᠢᠳᠠᠯ ᠢᠢᠡᠷ ᠪᠠᠲᠤᠯᠵᠠᠤ ᠴᠢᠳᠠᠳᠠᠭ᠃ ᠤᠯᠤᠰ ᠪᠠᠢᠭᠤᠯᠤᠭᠳᠠᠭᠰᠠᠨ ᠡᠴᠡ ᠨᠠᠭᠠᠰᠢ᠂ ᠦᠪᠦᠷ ᠮᠣᠩᠭᠤᠯ ᠤᠷᠤᠨ ᠳ᠋ᠤ ᠤᠯᠠᠮᠵᠢᠯᠠᠯᠲᠤ ᠨᠡᠭᠦᠳᠡᠯᠯᠡᠨ ᠮᠠᠯ ᠮᠠᠯᠵᠢᠬᠤ ᠡᠴᠡ ᠰᠠᠭᠤᠷᠢᠰᠢᠯ ᠳ᠋ᠤ ᠲᠦᠰᠢᠭᠯᠡᠭᠰᠡᠨ ᠡᠷᠦᠭᠡ ᠬᠤᠯᠪᠤᠭᠠᠯᠠᠨ ᠬᠠᠮᠳᠤᠪᠡᠷ ᠮᠠᠯ ᠮᠠᠯᠵᠢᠬᠤ᠂ ᠲᠡᠬᠢᠨ ᠤᠯᠠᠷᠢᠨ ᠤ ᠴᠢᠨᠠᠷᠲᠠᠢ ᠪᠡᠯᠴᠢᠭᠡᠷ ᠰᠡᠯᠬᠦᠨ ᠮᠠᠯ ᠮᠠᠯᠵᠢᠬᠤ᠂ ᠪᠡᠯᠴᠢᠭᠡᠷ ᠢ ᠬᠠᠰᠢᠶᠠᠯᠠᠨ ᠬᠤᠪᠢ ᠶᠢᠨ ᠡᠷᠦᠭᠡ ᠳ᠋ᠤ ᠲᠦᠰᠢᠭᠯᠡᠭᠰᠡᠨ ᠮᠠᠯ ᠮᠠᠯᠵᠢᠬᠤ ᠵᠡᠷᠭᠡ ᠤᠯᠠᠨ ᠶᠠᠩᠵᠤ ᠶᠢᠨ ᠮᠠᠯ ᠮᠠᠯᠵᠢᠬᠤ ᠤᠯᠠᠷᠢᠨ ᠬᠤᠪᠢᠷᠠᠯ ᠢ ᠦᠩᠭᠡᠷᠡᠬᠦᠯᠦᠭᠰᠡᠨ ᠪᠠᠢᠳᠠᠭ᠃ ᠦᠭᠦᠯᠡᠯ ᠳ᠋ᠤ ᠠᠳᠠᠯᠢ ᠪᠤᠳᠤ ᠮᠠᠯ ᠮᠠᠯᠵᠢᠬ ᠤᠬᠡᠯᠪᠡᠷᠢ ᠵᠢ ᠤᠨᠤᠯ ᠤᠨ ᠲᠠᠯ ᠠ ᠡᠴᠡ ᠵᠠᠳᠠᠯᠤᠨ ᠰᠢᠨᠵᠢᠯᠡᠵᠦ᠂ ᠦᠪᠦᠷ ᠮᠣᠩᠭᠤᠯ ᠤᠷᠤᠨ ᠳ᠋ᠤ ᠤᠳᠤᠬᠠᠨ ᠳ᠋ᠤ ᠤᠷᠤᠰᠢᠵᠤ ᠪᠠᠢᠭ᠎ᠠ ᠠᠳᠠᠯᠢ ᠪᠤᠰᠤ ᠮᠠᠯ ᠮᠠᠯᠯᠠᠭᠠᠨ ᠤ ᠬᠡᠯᠪᠡᠷᠢ ᠶᠢᠨ ᠤᠨᠴᠠᠯᠢᠭ ᠪᠠ ᠤᠷᠤᠰᠵᠢᠵᠤ ᠪᠤᠢ ᠠᠰᠠᠭᠤᠳᠠᠯ ᠢ ᠠᠷᠤ ᠬᠤᠷᠴᠢᠨ ᠬᠤᠰᠢᠭᠤᠨ ᠤ ᠪᠠᠶᠠᠨ᠋ᠦ᠋ᠨᠳᠦᠷ ᠰᠤᠮᠤ ᠶᠢᠨ ᠵᠢᠱᠢᠶᠡᠨ ᠲᠡᠭᠡᠷ ᠠ ᠬᠠᠷᠢᠴᠠᠭᠯᠤᠤᠨ ᠰᠣᠳᠤᠯᠪᠠ᠃ |
原文 |
查看原文
|
出自 |
内蒙古师范大学学报
2020年
第3期
|