摘要 |
ᠮᠣᠩᠭᠤᠯ ᠬᠡᠯᠡ ᠪᠢᠴᠢᠭ ᠤᠨ ᠬᠢᠴᠢᠶᠡᠯᠯᠡᠭᠡ ᠳ᠋ᠡᠬᠢ ᠦᠭᠡ ᠶᠢᠨ ᠤᠳᠬ ᠠ ᠶᠢᠨ ᠲᠠᠢᠯᠪᠤᠷᠢᠯᠠᠯᠲᠠ ᠨᠢ ᠰᠤᠷᠤᠭᠴᠢᠳ ᠤᠨ ᠦᠭᠡᠰ ᠤᠨ ᠰᠠᠩ ᠤᠨ ᠪᠠᠶᠠᠯᠢᠭᠵᠢᠯ ᠬᠢᠭᠡᠳ ᠬᠡᠯᠡᠨ ᠤ ᠪᠤᠯᠪᠠᠰᠤᠷᠠᠯ ᠤᠨ ᠲᠡᠭᠡᠭᠰᠢᠯᠡᠯᠲᠡ ᠳ᠋ᠤ ᠴᠢᠬᠤᠯᠠ ᠦᠢᠯᠡᠳᠦᠯ ᠦᠵᠡᠭᠦᠯᠳᠡᠭ᠃ ᠭᠡᠪᠡᠴᠦ ᠤᠳᠤᠬᠠᠨ ᠤ ᠪᠠᠭᠰᠢᠨᠠᠷ ᠤᠨ ᠵᠢᠭᠠᠨ ᠰᠤᠷᠭᠠᠯᠲᠠ ᠶᠢᠨ ᠪᠠᠢᠳᠠᠯ ᠡᠴᠡ ᠦᠵᠡᠪᠡᠯ᠂ ᠦᠭᠡ ᠶᠢᠨ ᠤᠳᠬ ᠠ ᠵᠢ ᠲᠠᠢᠯᠪᠤᠷᠢᠯᠠᠬᠤ ᠳ᠋ᠤ ᠲᠡᠭᠦᠨ ᠤ ᠬᠤᠷᠢᠶᠠᠩᠭᠤᠢ ᠴᠢᠠᠨᠷ ᠢᠠᠩᠬᠠᠷᠴᠤ᠂ ᠤᠳᠬ ᠠ ᠶᠢᠨ ᠬᠠᠷᠢᠴᠠᠭ᠎ᠠ ᠵᠢ ᠨᠢ ᠬᠦᠩᠭᠡᠪᠴᠢᠯᠡᠭᠡᠳ《 ᠪᠠᠯᠠᠷᠬᠠᠢ᠂ ᠠᠮᠢᠳᠤᠯᠢᠭ ᠪᠤᠰᠤ᠂ ᠲᠤᠳᠠᠭᠤ ᠲᠤᠷᠭᠤᠨ》 ᠲᠠᠢᠯᠪᠤᠷᠢᠯᠠᠬᠤ ᠦᠵᠡᠭᠳᠡᠯ ᠢᠯᠡᠷᠡᠵᠦ᠂ ᠰᠤᠷᠤᠭᠴᠢᠳ ᠤᠨ ᠤᠶᠤᠨ ᠤ ᠬᠦᠭᠵᠢᠯ᠂ ᠮᠡᠳᠡᠯᠭᠡ ᠴᠢᠳᠠᠪᠤᠷᠢ ᠶᠢᠨ ᠲᠡᠭᠡᠭᠰᠢᠯᠡᠯᠲᠡ ᠳ᠋ᠤ ᠬᠠᠷᠰᠢ ᠰᠠᠭᠠᠳ ᠤᠴᠠᠷᠠᠭᠤᠯᠵᠤ ᠪᠠᠢᠭ᠎ᠠ ᠦᠵᠡᠭᠳᠡᠯ ᠬᠠᠶᠠ ᠢᠯᠡᠷᠡᠵᠦ ᠪᠤᠢ᠃ |