摘要 |
ᠨᠠᠶᠠᠭᠠᠳ ᠤᠨ ᠤ ᠲᠤᠮᠳᠠᠴᠢ ᠦᠶ ᠠ ᠬᠦᠷᠲᠡᠯ ᠠ ᠠᠷᠪᠢᠨ ᠮᠣᠩᠭᠤᠯᠴᠢ ᠡᠷᠳᠡᠮᠲᠡᠨ ᠤ ᠬᠠᠷᠠᠭᠠᠨ ᠳ᠋ᠤ ᠬᠠᠷᠠᠬᠠᠨ ᠤᠷᠤᠭᠠᠳᠤᠢ ᠪᠠᠢᠭᠰᠠᠨ ᠮᠡᠷᠭᠡᠨ ᠭᠡᠭᠡᠨ ᠤ ᠰᠣᠳᠤᠯᠤᠯ ᠨᠢ ᠤᠢᠷ ᠠ ᠶᠢᠨ ᠠᠷᠪᠠᠭᠠᠳ ᠵᠢᠯ ᠤᠨ ᠴᠠᠭ ᠬᠤᠭᠤᠴᠠᠭ᠎ᠠ ᠵᠢ ᠦᠩᠭᠡᠷᠡᠬᠦᠯᠦᠨ ᠦᠨᠦ ᠨᠢᠭᠡᠨᠲᠡ ᠮᠡᠳᠡᠭᠳᠡᠬᠦᠢᠴᠡ ᠠᠮᠵᠢᠯᠲᠠ ᠤᠯᠵᠠᠢ᠂ ᠦᠪᠦᠷ ᠮᠣᠩᠭᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠵᠠᠯᠠᠭᠤ ᠡᠷᠳᠡᠮᠲᠡᠨ ᠪᠠ᠂ ᠮᠦᠩᠭᠡ ᠶᠢᠨ ᠲᠤᠭᠤᠷᠪᠢᠭᠰᠠᠨ 《 ᠮᠡᠷᠭᠡᠨ ᠭᠡᠭᠡᠨ ᠯᠤᠪᠰᠠᠩᠳᠠᠮᠪᠢᠵᠠᠯᠰᠠᠨ》ᠬᠡᠮᠡᠬᠦ700 ᠭᠠᠷᠤᠢ ᠨᠢᠭᠤᠷ ᠲᠠᠢ ᠲᠤᠮᠤᠬᠠᠨ ᠪᠦᠲᠦᠭᠡᠯ ᠨᠢ ᠡᠳᠡᠭᠡᠷ ᠠᠮᠵᠢᠯᠲᠠ ᠶᠢᠨ ᠮᠠᠰᠢ ᠰᠠᠢᠨ ᠭᠡᠷᠡᠴᠢ ᠪᠤᠯᠵᠤ ᠪᠤᠯᠬᠤ ᠪᠦᠭᠡᠳ ᠲᠡᠷᠡ ᠨᠢ ᠮᠠᠨ ᠤ ᠤᠯᠤᠰ ᠤᠨ ᠮᠡᠷᠭᠡᠨ ᠭᠡᠭᠡᠨ ᠤ ᠰᠣᠳᠤᠯᠤᠯ ᠢ ᠤᠯᠠᠮ ᠨᠢᠭᠡ ᠠᠯᠬᠤᠮ ᠬᠦᠨᠵᠡᠭᠡᠷᠢᠷᠡᠬᠦᠯᠵᠦ᠂ ᠨᠡᠩ ᠦᠨᠳᠦᠰᠦᠷ ᠲᠡᠭᠲᠡᠷ ᠲᠤ ᠬᠦᠷᠭᠡᠭᠰᠡᠨ ᠭᠡᠵᠦ ᠬᠡᠯᠡᠬᠦ ᠳ᠋ᠤ ᠬᠡᠲᠦᠷᠡᠬᠦ ᠦᠭᠡᠢ ᠶᠣᠮ᠃ |