题名 |
ᠮᠣᠩᠭᠤᠯ ᠤᠳᠬ᠎ᠠ ᠶᠢᠨ ᠰᠤᠷᠭᠠᠯ ᠤᠨ ᠬᠤᠷᠠᠯ ᠤᠨ ᠪᠠᠢᠭᠤᠯᠤᠭᠳᠠᠭᠰᠠᠨ ᠬᠢᠭᠡ ᠨᠡᠭᠦᠳᠡᠯᠯᠡᠭᠰᠡᠨ ᠡᠴᠡ ᠰᠡᠳᠦᠪᠯᠡᠬᠦ ᠨᠢ |
作者 |
ᠰ᠂ ᠤᠳᠬᠤᠨᠪᠠᠶᠠᠷ |
关键词 |
ᠮᠣᠩ᠋ᠭᠤᠯ ᠤᠳᠬ᠎ᠠ ᠶᠢᠨ ᠰᠤᠷᠭᠠᠯ ᠤᠨ ᠬᠤᠷᠠᠯ; ᠰᠤᠶᠤᠯ ᠬᠡᠪᠯᠡᠯ ᠦᠨ ᠪᠠᠢ᠌ᠭᠤᠯᠤᠮᠵᠢ; ᠰᠤᠶᠤᠨ ᠭᠡᠭᠡᠷᠡᠭᠦᠯᠬᠦ; ᠰᠤᠶᠤᠯ ᠤᠨ ᠬᠦᠰᠡᠯᠡᠩ |
摘要 |
20᠋ ᠳᠤᠭᠠᠷ ᠵᠠᠭᠤᠨ ᠤ 20᠋ ᠭᠠᠳ ᠣᠨ ᠤ ᠰᠡᠭᠦᠯᠴᠢ ᠪᠡᠷ ᠮᠣᠩ᠋ᠭᠤᠯ ᠤᠳᠬ᠎ᠠ ᠶᠢᠨ ᠰᠤᠷᠭᠠᠯ ᠤᠨ ᠬᠤᠷᠠᠯ ᠪᠡᠭᠡᠵᠢᠩ ᠳᠦ ᠪᠠᠢ᠌ᠭᠤᠯᠤᠭᠳᠠᠵᠤ᠂ ᠣᠢ᠌ᠷ᠎ᠠ ᠦᠶ᠎ᠡ ᠶᠢᠨ ᠮᠣᠩ᠋ᠭᠤᠯ ᠬᠡᠪᠯᠡᠯ ᠦᠨ ᠲᠡᠦᠬᠡ ᠶᠢᠨ ᠰᠢᠨ᠎ᠡ ᠬᠠᠭᠤᠳᠠᠰᠤ ᠶᠢ ᠰᠡᠭᠦᠪᠡ᠃ ᠲᠤᠰ ᠵᠠᠭᠤᠨ ᠤ ᠭᠤᠴᠢᠭᠠᠳ ᠣᠨ ᠳᠤ ᠮᠣᠩ᠋ᠭᠤᠯ ᠤᠳᠬ᠎ᠠ ᠶᠢᠨ ᠰᠤᠷᠭᠠᠯ ᠤᠨ ᠬᠤᠷᠠᠯ ᠨᠢ ᠪᠡᠭᠡᠵᠢᠩ ᠡᠴᠡ ᠺᠠᠢ᠌ᠯᠤ ᠳᠤ ᠨᠡᠭᠦᠳᠡᠯᠯᠡᠵᠦ᠂ ᠰᠡᠳᠭᠦᠯ ᠡᠷᠬᠢᠯᠡᠬᠦ᠂ ᠨᠤᠮ ᠬᠡᠪᠯᠡᠬᠦ᠂ ᠰᠤᠷᠭᠠᠭᠤᠯᠢ ᠪᠠᠢ᠌ᠭᠤᠯᠬᠤ᠂ ᠵᠤᠬᠢᠶᠠᠭᠴᠢ ᠬᠦᠮᠦᠵᠢᠭᠦᠯᠬᠦ᠂ ᠡᠷᠳᠡᠮ ᠰᠢᠨᠵᠢᠯᠡᠭᠡ ᠬᠢᠬᠦ ᠵᠡᠷᠭᠡ ᠣᠯᠠᠨ ᠡᠰᠢᠵᠢᠯ ᠦᠨ ᠡᠵᠡᠩᠨᠡᠯᠲᠡ ᠳᠦ ᠰᠢᠯᠵᠢᠪᠡ᠃ ᠮᠣᠩ᠋ᠭᠤᠯ ᠤᠳᠬ᠎ᠠ ᠶᠢᠨ ᠰᠤᠷᠭᠠᠯ ᠤᠨ ᠬᠤᠷᠠᠯ ᠪᠤᠯ ᠴᠢᠩ᠋ᠭ᠎ᠠ ᠳᠦᠷᠢᠮ ᠲᠤᠭᠲᠠᠭᠠᠯ᠂ ᠨᠢᠭᠲᠠ ᠵᠤᠬᠢᠶᠠᠨ ᠪᠠᠢ᠌ᠭᠤᠯᠤᠯᠲᠠ ᠲᠠᠢ ᠰᠤᠶᠤᠯ ᠬᠡᠪᠯᠡᠯ ᠤᠨ ᠪᠠᠢ᠌ᠭᠤᠯᠤᠮᠵᠢ ᠪᠤᠯᠤᠨ᠎ᠠ᠃ ᠲᠡᠷᠡ ᠨᠢ ᠬᠡᠪᠯᠡᠭᠳᠡᠭᠦᠨ ᠢᠶᠡᠷ ᠳᠠᠪᠴᠠᠩ ᠪᠤᠯᠭᠠᠨ ᠮᠡᠳᠡᠯᠭᠡ ᠰᠤᠶᠤᠯ ᠢ ᠤᠯᠠᠮᠵᠢᠯᠠᠵᠤ᠂ ᠰᠤᠶᠤᠨ ᠭᠡᠭᠡᠷᠡᠭᠦᠯᠬᠦ ᠦᠵᠡᠯ ᠵᠤᠷᠢᠯᠲᠠ ᠪᠠᠨ ᠤᠬᠠᠭᠤᠯᠬᠤ ᠳᠤ ᠪᠠᠨ ᠬᠡᠪᠯᠡᠭᠳᠡᠭᠦᠨ ᠦ ᠨᠡᠢ᠌ᠭᠡᠮ ᠦᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠢ ᠲᠡᠭᠦᠰ ᠪᠤᠳᠤᠯᠬᠢᠯᠠᠭᠰᠠᠨ ᠶᠤᠮ᠃ ᠡᠭᠦᠨ ᠳᠦ᠂ ᠦᠨᠳᠦᠰᠦᠲᠡᠨ ᠤᠭᠰᠠᠭᠠᠲᠠᠨ ᠢᠶᠠᠨ ᠰᠤᠶᠤᠨ ᠭᠡᠭᠡᠷᠡᠭᠦᠯᠬᠦ ᠰᠤᠶᠤᠯ ᠤᠨ ᠬᠦᠰᠡᠯᠡᠩ ᠢᠶᠡᠨ ᠪᠡᠶᠡᠯᠡᠭᠦᠯᠬᠦ ᠪᠤᠯ ᠲᠡᠳᠡ ᠨᠠᠷ ᠤᠨ ᠭᠤᠤᠯ ᠵᠤᠷᠢᠯᠭ᠎ᠠ ᠪᠠᠢ᠌ᠭᠰᠠᠨ ᠶᠤᠮ᠃ |
原文 |
查看原文
|
出自 |
蒙古学研究
2012年
第2期
|