摘要 |
《 ᠵᠠᠩᠭᠠᠷ》 ᠤᠨ ᠲᠤᠤᠯᠢ ᠪᠤᠯ ᠦᠷᠭᠡᠨ ᠲᠡᠯᠭᠡᠷ ᠦᠢᠯᠡ ᠶᠠᠪᠤᠳᠠᠯ ᠢᠢᠡᠷ ᠪᠦᠷᠢᠯᠳᠦᠭᠰᠡᠨ ᠮᠣᠩᠭᠤᠯ ᠤᠷᠠᠳ ᠤᠨ ᠠᠮᠠᠨ ᠵᠤᠬᠢᠶᠠᠯ ᠤᠨ ᠦᠨᠡᠳᠦ ᠦᠪ ᠬᠦᠷᠦᠩᠭᠡ ᠮᠦᠨ᠃ ᠲᠡᠷᠡᠨᠢ ᠠᠭᠤᠯᠭ᠎ᠠ ᠦᠵᠡᠯ ᠰᠠᠨᠠᠭ᠎ᠠ᠂ ᠬᠡᠯᠡ ᠬᠡᠯᠡᠯᠭᠡ᠂ ᠤᠷᠠᠯᠢᠭ ᠰᠢᠨᠵᠢ᠂ ᠭᠤᠤ ᠠ ᠰᠠᠢᠬᠠᠨ ᠤ ᠨᠦᠯᠦᠭᠡ ᠦᠢᠯᠡᠳᠦᠯ ᠢᠢᠡᠷ ᠢᠢᠡᠨ ᠤᠯᠤᠰ ᠤᠨ ᠲᠤᠳᠤᠭᠠᠲᠤ ᠭᠠᠳᠠᠭᠠᠲᠤ ᠶᠢᠨ ᠡᠷᠲᠡᠮ ᠰᠢᠨᠵᠢᠯᠡᠭᠡᠨ ᠤ ᠬᠦᠷᠢᠶ ᠡ ᠴᠡᠷ ᠠ ᠳ᠋ᠤ ᠲᠤᠰᠬᠠᠢ ᠪᠡᠶ ᠠ ᠪᠠᠨ ᠲᠠᠭᠠᠭᠠᠭᠰᠠᠨ ᠰᠣᠳᠯᠤᠤᠭᠳᠠᠬᠤᠨ ᠤ ᠬᠤᠪᠢ ᠪᠡᠷ ᠵᠤᠬᠢᠬᠤ ᠪᠠᠢᠷᠢ ᠰᠠᠭᠤᠷᠢ ᠪᠠᠨ ᠤᠯᠤᠭᠰᠠᠨ ᠪᠠᠢᠨ᠎ᠠ᠃《 ᠵᠠᠩᠭᠠᠷ》 ᠤᠨ ᠲᠤᠤᠯᠢ ᠳ᠋ᠤ ᠠᠭᠤᠯᠭ᠎ᠠ ᠦᠵᠡᠯ ᠰᠠᠨᠠᠭ᠎ᠠ ᠪᠠ ᠲᠦᠷᠢ ᠲᠦᠷᠰᠦᠯᠡᠯ ᠤᠨ ᠭᠤᠤ ᠠ ᠰᠠᠢᠬᠠᠨ ᠰᠢᠨᠵᠢ ᠨᠡᠯᠢᠶᠡᠳ ᠪᠦᠷᠢᠨ ᠬᠦᠢᠴᠡᠳ ᠠᠭᠤᠯᠤᠭᠳᠠᠵᠤ ᠪᠠᠢᠬᠤ ᠪᠦᠭᠡᠳ ᠬᠡᠯᠡ ᠬᠡᠯᠡᠯᠭᠡ ᠶᠢᠨ ᠤᠯᠠᠨ ᠬᠦᠷᠲᠡᠭᠡᠯᠲᠦ ᠭᠤᠤ ᠠ ᠲᠠᠭᠠᠰᠢᠶᠠᠯᠲᠤ ᠰᠢᠨᠵᠢ ᠴᠦ ᠢᠯᠡ ᠲᠤᠳᠤ ᠢᠯᠡᠷᠡᠵᠦ ᠪᠠᠢᠳᠠᠭ᠃ |