题名 |
20ᠳ᠋ᠤᠭᠠᠷ ᠵᠠᠭᠤᠨ ᠤ ᠨᠶᠠᠭᠠᠳ ᠤᠨ ᠡᠴᠡ ᠬᠤᠢᠰᠢᠬᠢ ᠬᠦᠮᠦᠨ ᠡ ᠨᠡᠷ ᠠ ᠶᠢᠨ ᠤᠴᠢᠷ |
作者 |
ᠣᠶᠤᠨᠴᠢᠮᠡᠭ᠌ |
关键词 |
ᠮᠣᠩᠭᠤᠯ ᠬᠦᠮᠦᠨ ᠤ ᠨᠡᠷ ᠠ︔ ᠨᠡᠢᠭᠡᠮ ᠤᠨ ᠣᠷᠴᠢᠨ︔ ᠰᠣᠶᠤᠯ ᠰᠡᠳᠬᠢᠬᠦᠢ᠋︔ ᠪᠡᠯᠭᠡᠳᠡᠯ |
摘要 |
ᠬᠦᠮᠦᠨ ᠤ ᠨᠡᠷ ᠠ ᠪᠤᠯ ᠨᠢᠭᠡ ᠵᠦᠢᠯ ᠤᠨ ᠨᠡᠢᠭᠡᠮ ᠤᠨ ᠦᠵᠡᠭᠳᠡᠯ ᠮᠦᠨ᠂ ᠪᠠᠰᠠ ᠴᠦ ᠨᠢᠭᠡ ᠵᠦᠢᠯ ᠤᠨ ᠬᠡᠯᠡᠨ ᠤ ᠦᠵᠡᠭᠳᠡᠯ ᠪᠤᠯᠤᠨ᠎ᠠ᠃ ᠬᠡᠯᠡ ᠪᠤᠯ ᠦᠨᠳᠦᠰᠦᠲᠡᠨ ᠤ ᠰᠣᠶᠤᠯ ᠤᠨ ᠬᠠᠮᠤᠭ ᠤᠨ ᠦᠪᠡᠷᠮᠢᠴᠡ ᠪᠦᠷᠢᠯᠳᠦᠬᠦᠨ ᠪᠤᠯᠤᠨ᠎ᠠ᠃ ᠡᠨᠡᠬᠦ ᠤᠳᠬ ᠠ ᠶᠢᠨ ᠡᠭᠦᠳᠡᠨ ᠡᠴᠡ ᠠᠪᠴᠦ ᠦᠵᠡᠪᠡᠯ᠂ ᠬᠦᠮᠦᠨ ᠤ ᠨᠡᠷ ᠠ ᠵᠢ ᠰᠣᠳᠤᠯᠬᠤ ᠳ᠋ᠤ ᠡᠷᠬᠡᠪᠰᠢ ᠦᠨᠳᠦᠰᠦᠲᠡᠨ ᠤ ᠰᠣᠶᠤᠯ ᠲᠠᠢ ᠬᠤᠯᠪᠤᠵᠦ ᠦᠵᠡᠬᠦ ᠬᠡᠷᠡᠭᠲᠡᠢ᠃ ᠰᠢᠨ᠎ᠠ ᠴᠠᠭ ᠡᠷᠡᠨ ᠳ᠋ᠡᠬᠢᠮᠣᠩᠭᠤᠯ ᠬᠦᠮᠦᠨ ᠤ ᠨᠡᠷ ᠠ ᠵᠢ ᠨᠡᠢᠭᠡᠮ ᠬᠡᠯᠡ ᠰᠢᠨᠵᠢᠯᠡᠯ ᠤᠨ ᠡᠭᠦᠳᠡᠨ ᠡᠴᠡ ᠠᠪᠴᠤ ᠦᠵᠡᠪᠡᠯ᠂ ᠮᠣᠩᠭᠤᠯ ᠦᠨᠳᠦᠰᠦᠲᠡᠨ ᠤ ᠲᠡᠦᠭᠡ ᠰᠣᠶᠤᠯ ᠲᠠᠢ ᠬᠤᠯᠪᠤᠭᠳᠠᠬᠤ ᠪᠡᠷ ᠪᠠᠷᠠᠬᠤ ᠦᠭᠡᠢ ᠂ ᠨᠡᠷᠡᠢᠳᠦᠯ ᠵᠦᠢ ᠶᠢᠨ ᠠᠷᠭ᠎ᠠ ᠶᠢᠨ ᠤᠨᠤᠯ ᠲᠠᠢ ᠴᠦ ᠪᠤᠯᠬᠤᠭᠳᠠᠬᠤ ᠶᠣᠮ᠃ ᠲᠤᠰ ᠦᠭᠦᠯᠡᠯ ᠳ᠋ᠤ 20ᠳ᠋ᠤᠭᠠᠷ ᠵᠠᠭᠤᠨ ᠤ ᠨᠠᠶᠠᠭᠠᠳ ᠣᠨ ᠡᠴᠡ ᠬᠤᠢᠰᠢᠬᠢ ᠮᠣᠩᠭᠤᠯ ᠬᠦᠮᠦᠨ ᠤ ᠨᠡᠷ ᠠ ᠶᠢᠨ ᠤᠣᠢᠷ ᠢ ᠦᠭᠦᠯᠡᠬᠦ ᠳ᠋ᠡᠭᠡᠨ᠂ ᠭᠤᠤᠯ ᠨᠢ ᠨᠡᠷᠡᠯᠬᠦ ᠪᠠ ᠲᠠᠭᠤᠳᠠᠬᠤ ᠶᠢᠨ ᠬᠠᠷᠢᠴᠠᠭᠠᠨ ᠤ ᠡᠭᠦᠳᠡᠨ ᠡᠴᠡ ᠬᠦᠰᠡᠯ ᠮᠦᠷᠦᠭᠡᠳᠦᠥᠯ ᠵᠢᠴᠢ ᠡᠷᠳᠡᠮ ᠤᠨ ᠦᠨᠡᠳᠦ ᠰᠠᠩ ᠲᠠᠢ ᠲᠠᠨᠢᠯᠴᠠᠵᠦ ᠮᠡᠳᠡᠭᠰᠡᠨ ᠮᠡᠳᠡᠯᠭᠡ ᠶᠢᠨ ᠦᠨᠳᠦᠷ ᠬᠡᠮᠵᠢᠶ ᠠ ᠵᠢ ᠲᠤᠰᠬᠠᠭᠰᠠᠨ ᠦᠪᠡᠷᠮᠢᠴᠡ ᠤᠨᠴᠠᠯᠢᠭ ᠢ ᠵᠢ ᠵᠠᠳᠠᠯᠤᠨ ᠰᠢᠨᠵᠢᠯᠡᠵᠡᠢ᠃ |
原文 |
没有原文
|
出自 |
西北民族大学学报
2011年
第1期
|