题名 |
ᠲᠠᠢᠴᠢᠩ ᠤᠯᠤᠰ ᠤᠨ ᠰᠡᠭᠦᠯᠴᠢ ᠢᠷᠭᠡᠨ ᠤᠯᠤᠰ ᠤᠨ ᠡᠬᠢᠨ ᠤ ᠦᠶ ᠡ ᠳ᠋ᠤ ᠯᠢᠨᠰᠢ ᠰᠢᠶᠠᠨ ᠪᠠᠢᠭᠤᠯᠤᠭᠳᠠᠭᠰᠠᠨ ᠵᠢᠴᠢ ᠲᠡᠭᠦᠨ ᠤ ᠬᠢᠯᠢ ᠬᠢᠵᠠᠭᠠᠷ ᠤᠨ ᠬᠤᠪᠢᠷᠠᠯᠲᠠ ᠶᠢᠨ ᠲᠤᠬᠠᠢ ᠰᠣᠳᠤᠯᠤᠯ |
作者 |
ᠡᠭᠦᠯᠡᠰ |
关键词 |
ᠪᠠᠭᠠᠷᠢᠨ ᠬᠤᠶᠠᠷ ᠬᠤᠰᠢᠭᠤ︔ ᠯᠢᠨᠰᠢ ᠰᠢᠶᠠᠨ︔ ᠬᠢᠯᠢ ᠬᠢᠵᠠᠭᠠᠷ ᠤᠨ ᠬᠣᠪᠢᠷᠠᠯᠲᠠ |
摘要 |
ᠲᠤᠰ ᠦᠭᠦᠯᠡᠯ ᠳ᠋ᠤ ᠭᠤᠤᠯᠳᠠᠭᠤ ᠲᠤᠮᠳᠠᠳᠤ ᠤᠯᠤᠰ ᠤᠨ ᠨᠢᠭᠡᠳᠦᠭᠡᠷ ᠲᠡᠦᠬᠡ ᠶᠢᠨ ᠠᠷᠬᠢᠪ ᠲᠤ ᠬᠠᠳᠠᠭᠠᠯᠠᠭᠳᠠᠵᠤ ᠪᠠᠢᠭ᠎ᠠ ᠪᠠᠭᠠᠷᠢᠨ ᠬᠤᠶᠠᠷ ᠬᠤᠰᠢᠭᠤᠨ ᠳ᠋ᠤ ᠬᠣᠯᠪᠤᠭᠳᠠᠬᠤ ᠲᠠᠩᠰᠠ ᠡᠪᠬᠡᠮᠡᠯ᠂ 《ᠪᠠᠳᠠᠷᠠᠭᠤᠯᠲᠤ ᠲᠦᠷᠦ ᠶᠢᠨ ᠦᠶ ᠠ ᠶᠢᠨ ᠤᠯᠠᠭᠠᠨ ᠪᠢᠷ ᠢᠢᠡᠷ ᠴᠣᠬᠤᠯᠠᠭᠰᠠᠨ ᠠᠢᠯᠠᠳᠬᠠᠯ ᠤᠨ ᠪᠢᠴᠢᠭ》᠂ ᠪᠠᠭᠠᠷᠢᠨ ᠬᠤᠶᠠᠷ ᠬᠤᠰᠢᠭᠤᠨ ᠤ ᠨᠤᠲᠤᠭ ᠤᠨ ᠵᠢᠷᠤᠭ ᠵᠡᠷᠭᠡ ᠵᠢ ᠠᠰᠢᠭᠯᠠᠨ ᠲᠠᠢᠴᠢᠩ ᠤᠯᠤᠰ ᠤᠨ ᠰᠡᠭᠦᠯᠴᠢ᠂ ᠢᠷᠭᠡᠨ ᠤᠯᠤᠰ ᠤᠨ ᠡᠬᠢᠨ ᠤ ᠦᠶ ᠡ ᠳ᠋ᠤ ᠯᠢᠨᠰᠢ ᠰᠢᠶᠠᠨ ᠪᠠᠢᠭᠤᠯᠤᠭᠳᠠᠭᠰᠠᠨ ᠵᠢᠴᠢ ᠲᠡᠭᠦᠨ ᠤ ᠬᠢᠯᠢ ᠬᠢᠵᠠᠭᠠᠷ ᠤᠨ ᠬᠤᠪᠢᠷᠠᠯᠲᠠ ᠶᠢᠨ ᠲᠤᠬᠠᠢ ᠰᠣᠳᠤᠯᠪᠠ᠃ ᠬᠠᠮᠢᠶ ᠠ ᠪᠦᠬᠦᠢ ᠮᠠᠲ᠋ᠸᠷᠢᠶᠠᠯ ᠢ ᠦᠰᠳᠦᠰᠦᠯᠡᠪᠡᠯ᠂ ᠪᠠᠭᠠᠷᠢᠨ ᠬᠤᠶᠠᠷ ᠬᠤᠰᠢᠭᠤ ᠲᠠᠪᠤᠤᠳᠠᠭᠠ ᠠᠲᠠᠷ ᠬᠠᠭᠠᠯᠪᠤᠷᠢᠯᠠᠬᠤ ᠪᠡᠷ ᠭᠠᠵᠠᠷ ᠢᠢᠡᠨ ᠲᠡᠭᠡᠭᠰᠢ ᠮᠡᠳᠡᠭᠦᠯᠦᠭᠰᠡᠨ ᠪᠠ ᠬᠡᠰᠢᠭᠲᠡᠨ ᠬᠤᠰᠢᠭᠤᠨ ᠯᠤᠭ᠎ᠠ ᠶᠢᠨ ᠨᠢᠭᠡ ᠤᠳᠠᠭᠠᠨ ᠤ ᠨᠤᠲᠤᠭ ᠪᠡᠯᠴᠢᠭᠡᠷ ᠤᠨ ᠵᠠᠷᠭᠤᠯᠳᠤᠭᠠᠨ ᠢᠢᠡᠷ ᠲᠠᠮᠵᠢᠵᠦ᠂ ᠤᠳᠤ ᠶᠢᠨ ᠯᠢᠨᠰᠢ ᠰᠢᠶᠠᠨ ᠤ ᠬᠦᠷᠢᠶ ᠠ ᠬᠡᠪᠰᠢᠶ ᠠ ᠲᠤᠭᠲᠤᠭᠲᠠᠭᠠᠭᠰᠠᠨ ᠪᠠᠢᠨ᠎ᠠ᠃ ᠡᠨᠡ ᠬᠦ ᠰᠣᠳᠤᠯᠭᠠᠨ ᠢᠡᠢᠷ ᠲᠠᠮᠵᠭᠤᠯᠵᠤ ᠮᠣᠩᠭᠤᠯ ᠬᠤᠰᠢᠭᠤᠳ ᠤᠨ ᠠᠲᠠᠷ ᠬᠠᠭᠠᠯᠪᠤᠷᠢᠯᠠᠬᠤ ᠪᠡᠷ ᠭᠠᠵᠠᠷ ᠢᠢᠡᠨ ᠲᠡᠭᠡᠭᠰᠢ ᠮᠡᠳᠡᠭᠦᠯᠦᠭᠰᠡᠨ ᠡᠬᠢ ᠠᠳᠠᠭ ᠵᠢᠴᠢ ᠯᠢᠨᠰᠢ (ᠪᠠᠭᠠᠷᠢᠨ ᠤ ᠠᠲᠠᠷ ᠬᠠᠭᠠᠯᠪᠤᠷᠢᠯᠠᠯᠲᠠ ᠶᠢᠨ ᠶᠠᠪᠤᠳᠠᠯ ᠤᠨ ᠲᠤᠪᠴᠢᠢ ᠠ) ᠵᠡᠷᠭᠡ ᠰᠢᠨ᠎ᠠ ᠪᠡᠷ ᠪᠠᠢᠭᠤᠯᠤᠭᠳᠠᠭᠰᠠᠨ ᠰᠢᠶᠠᠨ ᠤ ᠬᠢᠯᠦ ᠬᠢᠵᠠᠭᠠᠷ ᠤᠨ ᠲᠠᠰᠤᠷᠠᠯᠲᠠ ᠦᠭᠡᠢ ᠦᠷᠭᠡᠵᠢᠭᠰᠡᠨ ᠶᠠᠪᠤᠴᠠ ᠵᠢ ᠬᠠᠷᠠᠭᠤᠯᠬᠤ ᠵᠢ ᠵᠣᠢᠪᠠ᠃ |
原文 |
没有原文
|
出自 |
内蒙古大学学报
2023年
第3期
|