摘要 |
ᠴᠤ ᠪᠠᠯᠾᠠ ᠪᠤᠯ ᠤᠤᠯ ᠤᠨ ᠰᠢᠯᠢ ᠶᠢᠨ ᠭᠤᠤᠯ ᠴᠢᠭᠤᠯᠭᠠᠨ ᠤ ᠠᠪᠠᠭᠠᠨᠠᠷ ᠤᠨ ᠵᠡᠭᠦᠨ ᠬᠤᠰᠢᠭᠤᠨ ᠤ ᠬᠦᠮᠦᠨ᠃ ᠲᠡᠷᠡ ᠪᠡᠷ ᠮᠣᠩᠭᠤᠯ ᠬᠡᠯᠡ ᠪᠢᠴᠢᠭ ᠤᠨ ᠵᠢᠭᠠᠨ ᠰᠤᠷᠭᠠᠯᠲᠠ᠂ ᠬᠡᠯᠡ ᠰᠢᠨᠵᠢᠯᠡᠯ᠂ ᠤᠷᠤᠨ ᠨᠤᠲᠤᠭ ᠤᠨ ᠰᠣᠶᠤᠯ ᠲᠡᠦᠬᠡ ᠶᠢᠨ ᠮᠠᠲ᠋ᠸᠷᠢᠶᠠᠯ ᠴᠤᠭᠯᠠᠭᠤᠯᠵᠤ ᠡᠮᠬᠢᠳᠭᠡᠬᠦ ᠪᠠ ᠬᠠᠳᠠᠭᠠᠯᠠᠵᠤ ᠤᠯᠠᠮᠵᠢᠯᠠᠬᠤ ᠦᠢᠯᠡᠰ ᠲᠤ ᠨᠢᠭᠡ ᠨᠠᠰᠤᠨ ᠤ ᠬᠦᠴᠦ ᠬᠦᠯᠦᠰᠦ ᠪᠠᠨ ᠵᠣᠷᠢᠭᠤᠯᠵᠤ᠂ ᠪᠠᠯᠠᠷᠠᠰᠢ ᠦᠭᠡᠢ ᠭᠠᠪᠢᠶ ᠠ ᠵᠢᠳᠬᠦᠯ ᠦᠵᠡᠭᠦᠯᠦᠭᠰᠨᠡ ᠪᠠᠢᠨ᠎ᠠ᠃ ᠦᠭᠦᠯᠡᠯ ᠳ᠋ᠤ ᠠᠪᠠᠭ᠎ᠠ ᠠᠪᠠᠭᠠᠨᠠᠷ ᠤᠨ ᠲᠡᠦᠬᠡᠨ ᠮᠠᠲ᠋ᠸᠷᠢᠶᠠᠯ᠂ ᠬᠣᠯᠪᠤᠭᠳᠠᠯ ᠪᠦᠬᠦᠢ ᠨᠣᠮ ᠪᠦᠲᠦᠭᠡᠯ ᠪᠠ ᠭᠡᠭᠡᠷ ᠠ ᠶᠢᠨ ᠰᠢᠨᠵᠢᠯᠡᠭᠡᠨ ᠳ᠋ᠤ ᠰᠠᠭᠤᠷᠢᠯᠠᠨ᠂ ᠴᠤ᠂ ᠪᠠᠯᠾᠠ ᠶᠢᠨ ᠨᠠᠮᠳᠠᠷ ᠲᠡᠦᠬᠡ ᠪᠠ ᠪᠦᠲᠦᠭᠡᠯ ᠲᠤᠭᠤᠷᠪᠢᠯ ᠢ ᠪᠦᠷᠢᠨᠰᠢᠭᠬᠦᠯᠦᠨ ᠲᠠᠨᠢᠯᠴᠠᠭᠤᠯᠬᠤ ᠵᠢ ᠵᠣᠷᠢᠪᠠ᠃ |