论文信息


题名 ᠲᠤᠤ ᠰᠢᠩ ᡁᠢ ᠶᠢᠨ ᠰᠤᠷᠭ᠋ᠠᠨ ᠬᠦᠮᠦᠵᠢᠯ ᠦᠨ ᠦᠵᠡᠯ ᠰᠠᠨ᠋ᠠᠭ᠎ᠠ ᠬᠢᠭᠡᠳ ᠬᠡᠪ ᠴᠢᠨ᠋ᠠᠷ ᠤᠨ ᠰᠤᠷᠭ᠋ᠠᠨ ᠬᠦᠮᠦᠵᠢᠯ ᠬᠢᠬᠦ ᠲᠤᠬᠠᠢ
作者 ᠪᠤᠤ ᠵᠢᠩ ᠴᠢᠤᠸᠠᠨ
关键词 ᠲᠤᠤ ᠰᠢᠩ ᡁᠢ ᠶᠢᠨ ᠰᠤᠷᠭ᠋ᠠᠨ ᠬᠦᠮᠦᠵᠢᠯ ᠦᠨ ᠦᠵᠡᠯ ᠰᠠᠨ᠋ᠠᠭ᠎ᠠ; ᠠᠮᠢᠳᠤᠷᠠᠯ ᠤᠨ ᠰᠤᠷᠭ᠋ᠠᠨ ᠬᠦᠮᠦᠵᠢᠯ ᠦᠨ ᠣᠨ᠋ᠣᠯ; ᠬᠡᠪ ᠴᠢᠨ᠋ᠠᠷ ᠤᠨ ᠰᠤᠷᠭ᠋ᠠᠨ ᠬᠦᠮᠦᠵᠢᠯ
摘要 ᠲᠤᠤ ᠰᠢᠩ ᡁᠢ ᠠᠪᠤᠭ᠋ᠠᠢ ᠶᠢᠨ ᠳᠤᠷᠠᠳᠤᠭᠰᠠᠨ ᠠᠮᠢᠳᠤᠷᠠᠯ ᠪᠤᠯ ᠰᠤᠷᠭ᠋ᠠᠨ ᠬᠦᠮᠦᠵᠢᠯ ᠮᠦᠨ ᠭᠡᠬᠦ ᠣᠨ᠋ᠣᠯ ᠨᠢ ᠬᠡᠪ ᠴᠢᠨ᠋ᠠᠷ ᠤᠨ ᠰᠤᠷᠭ᠋ᠠᠨ ᠬᠦᠮᠦᠵᠢᠯ ᠯᠦᠭᠡ ᠣᠯᠠᠨ ᠲᠠᠯ᠎ᠠ ᠶᠢᠨ ᠬᠠᠷᠢᠯᠴᠠᠨ ᠨᠡᠪᠴᠢᠭᠰᠡᠨ ᠭᠠᠵᠠᠷ ᠪᠠᠢᠨ᠎ᠠ᠃ ᠴᠢᠳᠠᠪᠤᠷᠢᠲᠠᠨ ᠤ ᠲᠤᠬᠠᠢ ᠵᠦᠪ ᠣᠢᠯᠠᠭ᠋ᠠᠭᠳᠠᠬᠤᠨ ᠢ ᠪᠤᠢ ᠪᠤᠯᠭ᠋ᠠᠵᠤ᠂ ᠲᠤᠤ ᠰᠢᠩ ᡁᠢ ᠶᠢᠨ ᠰᠤᠷᠤᠭᠴᠢ ᠡᠯᠰᠡᠬᠦ᠂ ᠰᠢᠯᠭ᠋ᠠᠬᠤ ᠠᠷᠭ᠎ᠠ ᠠᠪᠴᠠᠯ ᠢᠶᠠᠷ ᠴᠢᠳᠠᠪᠤᠷᠢᠲᠠᠨ ᠢ ᠰᠤᠩᠭᠤᠨ ᠰᠢᠯᠭ᠋ᠠᠷᠠᠭ᠋ᠤᠯᠬᠤ ᠪᠠᠷᠢᠮᠵᠢᠶ᠎ᠠ ᠶᠢ ᠦᠭᠡᠷᠡᠴᠢᠯᠡᠬᠦ; ᠪᠠᠭᠰᠢ ᠶᠢᠨ ᠴᠢᠨ᠋ᠠᠷ ᠴᠢᠨᠰᠠᠭ᠎ᠠ ᠶᠢᠨ ᠲᠤᠬᠠᠢ ᠵᠦᠪ ᠣᠢᠯᠠᠭ᠋ᠠᠭᠳᠠᠬᠤᠨ ᠢ ᠪᠤᠢ ᠪᠤᠯᠭ᠋ᠠᠵᠤ᠂ ᠲᠤᠤ ᠰᠢᠩ ᡁᠢ ᠶᠢᠨ ᠳᠤᠷᠠᠳᠤᠭᠰᠠᠨ ᠪᠠᠭᠰᠢ ᠶᠢᠨ ᠴᠢᠨ᠋ᠠᠷ ᠴᠢᠨᠰᠠᠭ᠋᠎ᠠ ᠶᠢᠨ ᠪᠠᠷᠢᠮᠵᠢᠶ᠎ᠠ ᠪᠠᠷ ᠪᠠᠭᠰᠢ ᠶᠢᠨ ᠶᠡᠷᠦᠩᠬᠡᠢᠯᠡᠭᠰᠡᠨ ᠴᠢᠨ᠋ᠠᠷ ᠴᠢᠨᠰᠠᠭ᠎ᠠ ᠶᠢ ᠳᠡᠭᠡᠭᠰᠢᠯᠡᠭᠦᠯᠬᠦ; ᠵᠢᠭ᠋ᠠᠨ ᠰᠤᠷᠭ᠋ᠠᠬᠤ ᠶᠢᠨ ᠵᠦᠪ ᠣᠢᠯᠠᠭ᠋ᠠᠭᠳᠠᠬᠤᠨ ᠢ ᠪᠤᠢ ᠪᠤᠯᠭ᠋ᠠᠵᠤ᠂ ᠲᠤᠤ ᠰᠢᠩ ᡁᠢ ᠶᠢᠨ 《ᠵᠢᠭ᠋ᠠᠬᠤ ᠰᠤᠷᠬᠤ ᠬᠢᠬᠦ ᠶᠢ ᠨᠢᠭᠡᠳᠭᠡᠬᠦ》 ᠰᠤᠷᠭ᠋ᠠᠨ ᠬᠦᠮᠦᠵᠢᠯ ᠦᠨ ᠦᠵᠡᠯ ᠰᠠᠨ᠋ᠠᠭ᠎ᠠ ᠪᠠᠷ ᠤᠯᠠᠮᠵᠢᠯᠠᠯᠲᠤ ᠵᠢᠭ᠋ᠠᠨ ᠰᠤᠷᠭ᠋ᠠᠯᠲᠠ ᠶᠢᠨ ᠠᠷᠭ᠎ᠠ ᠬᠡᠯᠪᠡᠷᠢ ᠶᠢ ᠦᠭᠡᠷᠡᠴᠢᠯᠡᠬᠦ; ᠰᠤᠷᠭ᠋ᠠᠨ ᠬᠦᠮᠦᠵᠢᠯ ᠦᠨ ᠲᠤᠬᠠᠢ ᠵᠦᠪ ᠣᠢᠯᠠᠭ᠋ᠠᠭᠳᠠᠬᠤᠨ ᠢ ᠪᠤᠢ ᠪᠤᠯᠭ᠋ᠠᠵᠤ᠂ ᠲᠤᠤ ᠰᠢᠩ ᡁᠢ ᠶᠢᠨ 《ᠠᠮᠢᠳᠤᠷᠠᠯ ᠪᠤᠯ ᠰᠤᠷᠭ᠋ᠠᠨ ᠬᠦᠮᠦᠵᠢᠯ》᠂ 《ᠨᠡᠢᠭᠡᠮ ᠪᠤᠯ ᠰᠤᠷᠭ᠋ᠠᠭ᠋ᠤᠯᠢ》 ᠭᠡᠬᠦ ᠦᠵᠡᠯ ᠰᠠᠨ᠋ᠠᠭ᠎ᠠ ᠪᠠᠷ ᠲᠦᠭᠵᠢᠮᠡᠯ ᠵᠢᠭ᠋ᠠᠨ ᠰᠤᠷᠭ᠋ᠠᠯᠲᠠ ᠶᠢᠨ ᠵᠤᠬᠢᠶᠠᠨ ᠪᠠᠢᠭ᠋ᠤᠯᠬᠤ ᠬᠡᠯᠪᠡᠷᠢ ᠶᠢ ᠨᠡᠭᠡᠭᠡᠮᠡᠯ ᠵᠢᠭ᠋ᠠᠨ ᠰᠤᠷᠭ᠋ᠠᠯᠲᠠ ᠶᠢᠨ ᠵᠤᠬᠢᠶᠠᠨ ᠪᠠᠢᠭ᠋ᠤᠯᠬᠤ ᠬᠡᠯᠪᠡᠷᠢ ᠲᠡᠰᠢ ᠰᠢᠯᠵᠢᠭᠦᠯᠬᠦ ᠬᠡᠷᠡᠭᠲᠡᠢ᠃
原文 没有原文
出自 内蒙古民族大学学报(社会科学) 2001年 第3期

联系我们


内蒙古大学图书馆
呼和浩特市大学西路235号
中国·内蒙古
P: (0471) 4992561
E: huangfeilong@imu.edu.cn