论文信息


题名 ᠲᠦᠴᠢᠤᠸᠠᠨ ᠰᠢᠶᠠᠨ ᠤ ᠮᠤᠩᠭ᠋ᠤᠯᠴᠤᠳ ᠤᠨ ᠬᠡᠯᠡ ᠬᠡᠷᠡᠭᠯᠡᠭᠡᠨ ᠤ ᠠᠰᠠᠭᠤᠳᠠᠯ ᠤᠨ ᠰᠤᠳᠤᠯᠤᠯ
作者 ᠲᠤᠯᠭᠠᠭᠤᠷᠢ
关键词 ᠲᠦᠴᠢᠤᠸᠠᠨ ᠰᠢᠶᠠᠨ; ᠮᠤᠩᠭ᠋ᠤᠯᠴᠤᠳ ᠤᠨ ᠬᠡᠯᠡ ᠬᠡᠷᠡᠭᠯᠡᠭᠡᠨ
摘要 ᠬᠡᠯᠡᠨ ᠤ ᠠᠳᠠᠯᠢ ᠪᠤᠰᠤ ᠬᠡᠷᠡᠭᠯᠡᠯᠳᠡ ᠶᠢᠨ ᠤᠷᠴᠢᠨ ᠳᠡᠬᠢ ᠬᠡᠷᠡᠭᠯᠡᠭᠳᠡᠬᠦ ᠪᠠᠢ᠌ᠳᠠᠯ ᠨᠢ ᠠᠳᠠᠯᠢ ᠪᠤᠰᠤ ᠪᠠᠢ᠌ᠳᠠᠭ᠃ ᠡᠨᠡ ᠲᠤᠬᠠᠢ ᠶᠢᠨ ᠭᠠᠵᠠᠷ ᠤᠷᠤᠨ ᠤ ᠨᠡᠢ᠌ᠭᠡᠮ ᠲᠡᠦᠬᠡ ᠶᠢᠨ ᠰᠢᠯᠳᠠᠭᠠᠨ᠂ ᠭᠠᠵᠠᠷ ᠵᠦᠢ ᠶᠢᠨ ᠪᠠᠢ᠌ᠷᠢᠰᠢᠯ᠂ ᠵᠠᠰᠠᠭ ᠵᠠᠬᠢᠷᠭᠠᠨ ᠪᠠ ᠤᠯᠤᠰ ᠲᠦᠷᠦ ᠶᠢᠨ ᠬᠠᠮᠢᠶᠠᠷᠤᠯᠳᠠ᠂ ᠬᠦᠮᠦᠨ ᠠᠮᠠ ᠶᠢᠨ ᠪᠦᠷᠢᠯᠳᠦᠬᠦᠨ᠂ ᠰᠤᠷᠭᠠᠨ ᠬᠦᠮᠦᠵᠢᠯ ᠤᠨ ᠨᠦᠭᠦᠴᠡᠯ ᠵᠡᠷᠭᠡ  ᠡᠴᠡ ᠰᠢᠯᠳᠠᠭᠠᠯᠠᠭᠳᠠᠨ᠎ᠠ᠃ ᠲᠤᠰ ᠦᠭᠦᠯᠡᠯ ᠳᠤ᠂ ᠲᠦᠴᠢᠤᠸᠠᠨ ᠰᠢᠶᠠᠨ ᠤ ᠮᠤᠩᠭ᠋ᠤᠯᠴᠤᠳ ᠤᠨ ᠬᠡᠯᠡ ᠬᠡᠷᠡᠭᠯᠡᠭᠡᠨ ᠤ ᠪᠠᠢ᠌ᠳᠠᠯ ᠢ ᠪᠠᠢ᠌ᠴᠠᠭᠠᠨ ᠰᠢᠨᠵᠢᠯᠡᠬᠦ ᠳᠡᠭᠡᠨ ᠶᠠᠭᠤᠨ ᠤ ᠡᠮᠦᠨ᠎ᠡ᠂ ᠲᠤᠬᠠᠢ ᠶᠢᠨ ᠭᠠᠵᠠᠷ ᠤᠷᠤᠨ ᠤ ᠮᠤᠩᠭ᠋ᠤᠯᠴᠤᠳ ᠤᠨ ᠬᠡᠯᠡ ᠶᠠᠷᠢᠶᠠᠨ ᠤ ᠨᠡᠢ᠌ᠭᠡᠮ ᠲᠡᠦᠬᠡ ᠶᠢᠨ ᠪᠠᠢ᠌ᠳᠠᠯ ᠭᠠᠵᠠᠷ ᠵᠦᠢ ᠶᠢᠨ ᠪᠠᠢ᠌ᠷᠢᠰᠢᠯ᠂ ᠬᠦᠮᠦᠨ ᠠᠮᠠ ᠶᠢᠨ ᠲᠠᠷᠬᠠᠯᠳᠠ ᠵᠡᠷᠭᠡ ᠤᠷᠴᠢᠨ ᠠᠬᠤᠢ ᠶᠢ ᠲᠤᠰᠢᠶᠠᠭᠰᠠᠨ ᠪᠦᠭᠡᠳ ᠲᠡᠳᠡᠨᠦᠰ ᠤᠨ ᠬᠡᠯᠡ ᠬᠡᠷᠡᠭᠯᠡᠭᠡᠨ ᠤ ᠪᠤᠠᠳᠠᠳᠤ ᠪᠠᠢ᠌ᠳᠠᠯ ᠢ ᠬᠤᠪᠢ ᠬᠦᠮᠦᠨ ᠤ ᠬᠡᠯᠡ ᠬᠡᠷᠡᠭᠯᠡᠭᠡᠨ ᠳᠡᠬᠢ ᠮᠤᠩᠭ᠋ᠤᠯ ᠬᠡᠯᠡᠨ ᠤ ᠪᠠᠢ᠌ᠳᠠᠯ᠂ ᠠᠯᠪᠠᠨ ᠪᠠᠢ᠌ᠭᠤᠯᠭ᠎ᠠ ᠨᠢᠭᠡᠴᠡ ᠶᠢᠨ ᠮᠤᠩᠭ᠋ᠤᠯ ᠬᠡᠯᠡ ᠬᠡᠷᠡᠭᠯᠡᠭᠡᠨ ᠤ ᠪᠠᠢ᠌ᠳᠠᠯ ᠵᠢᠴᠢ ᠬᠡᠯᠡ ᠬᠡᠷᠡᠭᠯᠡᠭᠡᠨ ᠤ ᠭᠤᠣ᠎ᠠ ᠲᠠᠭᠠᠰᠢᠶᠠᠯ ᠤᠪᠤᠷ ᠰᠡᠳᠭᠢᠯᠭᠡ ᠶᠢᠨ ᠪᠠᠢ᠌ᠳᠠᠯ ᠭᠡᠬᠦ ᠮᠡᠳᠦ ᠬᠡᠳᠦᠨ ᠲᠠᠯ᠎ᠠ ᠪᠡᠷ ᠪᠠᠢ᠌ᠴᠠᠭᠠᠨ ᠰᠢᠨᠵᠢᠯᠡᠵᠡᠢ᠃
原文 查看原文
出自 中国蒙古学 2016年 第1期

联系我们


内蒙古大学图书馆
呼和浩特市大学西路235号
中国·内蒙古
P: (0471) 4992561
E: huangfeilong@imu.edu.cn