题名 |
ᠦᠵᠦᠮᠦᠴᠢᠨ ᠮᠣᠩᠭᠤᠯᠴᠤᠳ ᠤᠨ ᠬᠡᠦᠬᠡᠳ ᠦᠨ ᠦᠷᠪᠦᠭᠡ ᠬᠦᠨᠳᠡᠬᠦ ᠶᠤᠰᠤᠨ ᠤ ᠲᠤᠬᠠᠢ ᠳᠦᠭᠦᠮ ᠦᠭᠦᠯᠡᠬᠦ ᠨᠢ |
作者 |
ᠭᠡᠭᠡᠨᠲᠠᠨ᠎ᠠ |
关键词 |
ᠦᠵᠦᠮᠦᠴᠢᠨ ᠮᠣᠩᠭᠤᠯᠴᠤᠳ; ᠦᠷᠪᠦᠭᠡ ᠬᠦᠨᠳᠡᠬᠦ ᠶᠤᠰᠤᠨ; ᠦᠪᠡᠷᠮᠢᠴᠡ ᠰᠤᠶᠤᠯ |
摘要 |
ᠦᠷᠪᠦᠭᠡ ᠬᠦᠨᠳᠡᠬᠦ ᠪᠤᠯ ᠮᠣᠩᠭᠤᠯᠴᠤᠳ ᠤᠨ ᠤᠯᠠᠮᠵᠢᠯᠠᠯᠲᠤ ᠵᠠᠩ ᠦᠢᠯᠡ ᠶᠢᠨ ᠴᠢᠬᠤᠯᠠ ᠨᠢᠭᠡᠨ ᠠᠭᠤᠯᠭ᠎ᠠ ᠶᠤᠮ᠃ ᠲᠡᠷᠡ ᠨᠢ ᠲᠡᠦᠬᠡ ᠶᠢᠨ ᠬᠦᠭᠵᠢᠯᠲᠡ ᠶᠢ ᠳᠠᠭᠠᠯᠳᠤᠨ᠂ ᠠᠳᠠᠯᠢ ᠪᠤᠰᠤ ᠣᠷᠤᠨ ᠨᠤᠲᠤᠭ ᠲᠤ ᠤᠯᠠᠮᠵᠢᠯᠠᠭᠳᠠᠨ ᠶᠡᠬᠡᠬᠡᠨ ᠬᠤᠪᠢᠷᠠᠯᠲᠠ ᠲᠠᠢ ᠪᠤᠯᠵᠠᠢ᠃ ᠮᠣᠩᠭᠤᠯᠴᠤᠳ ᠤᠨ ᠣᠷᠤᠰᠢᠨ ᠠᠮᠢᠳᠤᠷᠠᠵᠤ ᠪᠠᠢᠭ᠎ᠠ ᠪᠠᠢᠭᠠᠯᠢ ᠭᠠᠵᠠᠷ ᠵᠦᠢ ᠶᠢᠨ ᠣᠷᠴᠢᠨ ᠲᠤᠭᠤᠷᠢᠨ᠂ ᠠᠮᠢᠳᠤᠷᠠᠯ ᠤᠨ ᠬᠡᠯᠪᠡᠷᠢ ᠮᠠᠶᠢᠭ ᠨᠢ ᠠᠳᠠᠯᠢ ᠪᠤᠰᠤ ᠠᠴᠠ ᠪᠤᠯᠵᠤ᠂ ᠨᠡᠢᠲᠡ ᠮᠣᠩᠭᠤᠯᠴᠤᠳ ᠤᠨ ᠵᠠᠩ ᠵᠠᠩᠰᠢᠯ ᠨᠢ ᠭᠠᠵᠠᠷ ᠣᠷᠤᠨ ᠢᠶᠠᠷ ᠢᠶᠠᠨ ᠢᠯᠭᠠᠭᠳᠠᠨ ᠵᠤᠬᠢᠬᠤ ᠵᠦᠷᠢᠶ᠎ᠡ ᠲᠡᠢ ᠪᠠᠢᠳᠠᠭ᠃ ᠲᠤᠰ ᠦᠭᠦᠯᠡᠯ ᠳᠦ ᠦᠵᠦᠮᠦᠴᠢᠨ ᠮᠣᠩᠭᠤᠯᠴᠤᠳ ᠤᠨ ᠬᠡᠦᠬᠡᠳ ᠦᠨ ᠦᠷᠪᠦᠭᠡ ᠬᠦᠨᠳᠡᠬᠦ ᠶᠤᠰᠤᠨ ᠤ ᠲᠤᠬᠠᠢ ᠶᠠᠷᠢᠬᠤ ᠳᠤ ᠪᠠᠨ ᠦᠷᠪᠦᠭᠡ ᠬᠦᠨᠳᠡᠬᠦ ᠠᠯᠬᠤᠮ ᠳᠠᠷᠠᠭ᠎ᠠ᠂ ᠦᠷᠪᠦᠭᠡ ᠬᠦᠨᠳᠡᠬᠦ ᠪᠡᠯᠡᠭ ᠰᠡᠯᠳᠡ ᠪᠡ ᠦᠷᠪᠦᠭᠡ ᠬᠦᠨᠳᠡᠬᠦ ᠶᠤᠰᠤᠨ ᠤ ᠬᠤᠪᠢᠰᠤᠯᠲᠠ ᠵᠡᠷᠭᠡ ᠲᠠᠯ᠎ᠠ ᠠᠴᠠ ᠦᠭᠦᠯᠡᠵᠡᠢ᠃ |
原文 |
没有原文
|
出自 |
赤峰学院学报(蒙文哲学社会科学版)
2016年
第1期
|