题名 |
ᠡᠷᠲᠡᠨ ᠦ ᠮᠣᠩ᠋ᠭᠤᠯᠴᠤᠳ ᠤᠨ ᠬᠦᠷᠢᠶ᠎ᠡ ᠰᠡᠳᠭᠢᠭᠦᠢ ᠶᠢᠨ ᠢᠯᠡᠷᠡᠬᠦ ᠬᠡᠯᠪᠡᠷᠢ ᠮᠠᠶᠢᠭ ᠤᠨ ᠲᠤᠬᠠᠢ |
作者 |
ᠴᠧᠨ ᠦᠷᠡᠴᠡᠴᠡᠭ |
关键词 |
ᠡᠷᠲᠡᠨ ᠦ ᠮᠣᠩ᠋ᠭᠤᠯᠴᠤᠳ; ᠬᠦᠷᠢᠶ᠎ᠡ ᠰᠡᠳᠭᠢᠭᠦᠢ; ᠬᠡᠯᠪᠡᠷᠢ ᠮᠠᠶᠢᠭ |
摘要 |
ᠡᠷᠲᠡᠨ ᠦ ᠮᠣᠩ᠋ᠭᠤᠯᠴᠤᠳ ᠲᠤ ᠬᠦᠷᠢᠶ᠎ᠡ ᠨᠢ ᠴᠡᠷᠢᠭ ᠵᠠᠰᠠᠭ ᠤᠨ ᠵᠤᠬᠢᠶᠠᠨ ᠪᠠᠢ᠌ᠭᠤᠯᠤᠯᠲᠠ ᠪᠠ ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠪᠤᠯᠵᠤ ᠪᠠᠢ᠌ᠭᠰᠠᠨ ᠪᠦᠭᠡᠳ ᠠᠪᠠ ᠠᠩᠨᠠᠯ ᠪᠠ ᠴᠡᠷᠢᠭ ᠳᠠᠢ᠌ᠨ ᠤ ᠠᠵᠢᠯᠯᠠᠭ᠎ᠠ ᠳᠠᠭᠠᠨ ᠴᠤ ᠬᠦᠷᠢᠶᠡᠯᠡᠵᠦ ᠪᠦᠰᠡᠯᠡᠬᠦ ᠪᠤᠳᠤᠯᠭ᠎ᠠ ᠶᠢ ᠬᠡᠷᠡᠭᠵᠢᠭᠦᠯᠵᠦ ᠪᠠᠢ᠌ᠵᠠᠢ᠃ ᠡᠭᠦᠨ ᠡᠴᠡ ᠭᠠᠳᠠᠨ᠎ᠠ ᠣᠷᠤᠨ ᠰᠠᠭᠤᠴᠠ᠂ ᠰᠢᠲᠦᠯᠭᠡ ᠪᠢᠰᠢᠷᠡᠯ᠂ ᠨᠠᠢ᠌ᠷ ᠨᠠᠭᠠᠳᠤᠮ᠂ ᠬᠤᠷᠠᠯ ᠴᠤᠭᠯᠠᠭᠠᠨ᠂ ᠪᠦᠯᠬᠦᠮᠳᠡᠯ ᠨᠢᠭᠲᠠᠷᠠᠯ᠂ ᠤᠯᠤᠰ ᠲᠦᠷᠦ ᠶᠢᠨ ᠲᠡᠮᠡᠴᠡᠯ ᠵᠡᠷᠭᠡ ᠲᠠᠯ᠎ᠠ ᠪᠦᠬᠦᠨ ᠳᠦ ᠲᠤᠭᠤᠢ ᠬᠦᠷᠢᠶᠡᠨ ᠦ ᠰᠡᠳᠭᠢᠭᠦᠢ ᠮᠦᠨ ᠲᠤᠤᠱᠯᠠᠭᠳᠠᠭᠰᠠᠨ ᠪᠠᠢ᠋ᠳᠠᠭ᠃ ᠦᠭᠦᠯᠡᠯ ᠳᠦ ᠡᠷᠲᠡᠨ ᠦ ᠮᠣᠩ᠋ᠭᠤᠯᠴᠤᠳ ᠤᠨ ᠬᠦᠷᠢᠶ᠎ᠡ ᠶᠢᠨ ᠤᠬᠠᠮᠰᠠᠷᠠᠯ ᠨᠢ ᠰᠤᠶᠤᠯ ᠰᠡᠳᠭᠢᠭᠦᠢ ᠶᠢᠨ ᠬᠦᠷᠢᠶᠡᠨ ᠳᠦ ᠬᠡᠷᠬᠢᠨ ᠢᠯᠡᠷᠡᠵᠦ ᠪᠠᠢ᠌ᠭᠰᠠᠨ ᠲᠤᠬᠠᠢ ᠦᠭᠦᠯᠡᠨ᠎ᠡ᠃ |
原文 |
查看原文
|
出自 |
中国蒙古学
2013年
第3期
|