题名 |
ᠮᠠᠯᠵᠢᠬᠤ ᠣᠷᠤᠨ ᠤ ᠨᠤᠲᠤᠭ ᠪᠡᠯᠴᠢᠭᠡᠷ ᠦᠨ ᠳᠠᠭᠠᠭᠠᠴᠢᠯᠠᠨ ᠡᠵᠡᠩᠨᠡᠯᠲᠡ ᠡᠴᠡ ᠡᠭᠦᠰᠬᠦ ᠵᠢᠭᠤᠷᠠᠯᠳᠤᠭᠠᠨ ᠤ ᠳᠤᠮᠳᠠᠬᠢ ᠬᠠᠤᠯᠢ ᠴᠠᠭᠠᠵᠠ ᠶᠢᠨ ᠠᠰᠠᠭᠤᠳᠠᠯ ᠤ ᠲᠤᠬᠠᠢ |
作者 |
ᠪᠤᠤ ᠰᠡᠴᠡᠨ; ᠴᠡᠯᠡᠭᠡᠷ |
关键词 |
ᠨᠤᠲᠤᠭ ᠪᠡᠯᠴᠢᠭᠡᠷ ᠦᠨ ᠳᠠᠭᠠᠭᠠᠴᠢᠯᠠᠨ ᠡᠵᠡᠩᠨᠡᠬᠦ ᠡᠷᠬᠡ; ᠨᠤᠲᠤᠭ ᠪᠡᠯᠴᠢᠭᠡᠷ ᠦᠨ ᠵᠢᠭᠤᠷᠠᠯᠳᠤᠭᠠᠨ; ᠰᠢᠯᠵᠢᠭᠦᠯᠦᠨ ᠳᠠᠭᠠᠭᠠᠴᠢᠯᠠᠬᠤ; ᠬᠠᠤᠯᠢ ᠴᠠᠭᠠᠵᠠ |
摘要 |
ᠮᠠᠯ ᠠᠵᠤ ᠠᠬᠤᠢ ᠶᠢᠨ ᠬᠦᠭ᠍ᠵᠢᠯᠲᠡ ᠶᠢ ᠳᠠᠭᠠᠯᠳᠤᠨ ᠨᠤᠲᠤᠭ ᠪᠡᠯᠴᠢᠭᠡᠷ ᠨᠢ ᠮᠠᠯᠴᠢᠳ ᠤᠨ ᠠᠵᠤ ᠠᠮᠢᠳᠤᠷᠠᠯ ᠳᠤ ᠡᠳᠦᠷᠢᠷᠡᠬᠦᠶᠡ ᠳᠤᠲᠠᠭᠳᠠᠵᠤ ᠪᠤᠯᠤᠰᠢ ᠦᠭᠡᠢ ᠡᠬᠢ ᠪᠠᠶᠠᠯᠢᠭ ᠪᠤᠯᠤᠭᠰᠠᠨ ᠶᠤᠮ᠃ ᠡᠳᠦᠭᠡ ᠨᠤᠲᠤᠭ ᠪᠡᠯᠴᠢᠭᠡᠷ ᠶᠠᠪᠤᠬᠤ ᠳᠤᠲᠤᠮ ᠪᠠᠭᠠᠰᠴᠤ᠂ ᠬᠦᠮᠦᠨ ᠠᠮᠠ ᠲᠠᠰᠤᠷᠠᠯᠲᠠ ᠦᠭᠡᠢ ᠨᠡᠮᠡᠭᠳᠡᠭᠡᠳ ᠮᠠᠯᠵᠢᠬᠤ ᠣᠷᠤᠨ ᠤ ᠨᠤᠲᠤᠭ ᠪᠡᠯᠴᠢᠭᠡᠷ ᠦᠨ ᠳᠠᠭᠠᠭᠠᠴᠢᠯᠠᠨ ᠡᠵᠡᠩᠨᠡᠲᠡ ᠡᠴᠡ ᠡᠭᠦᠰᠬᠦ ᠵᠢᠭᠤᠷᠠᠯᠳᠤᠭᠠᠨ ᠴᠤ ᠣᠯᠠᠰᠢᠷᠠᠬᠤ ᠪᠤᠯᠵᠠᠢ᠃ ᠦᠭᠦᠯᠡᠯ ᠳᠦ ᠨᠤᠲᠤᠭ ᠪᠡᠯᠴᠢᠭᠡᠷ ᠦᠨ ᠵᠢᠭᠤᠷᠠᠯᠳᠤᠭᠠᠨ ᠡᠭᠦᠰᠬᠦ ᠠᠬᠤᠢ ᠪᠠᠢ᠋ᠳᠠᠯ᠂ ᠨᠤᠲᠤᠭ ᠪᠡᠯᠴᠢᠭᠡᠷ ᠦᠨ ᠳᠠᠭᠠᠭᠠᠴᠢᠯᠠᠨ ᠡᠵᠡᠩᠨᠡᠯᠲᠡ ᠳᠡᠬᠢ ᠬᠠᠤᠯᠢ ᠴᠠᠭᠠᠵ ᠶᠢᠨ ᠳᠦᠷᠢᠮ ᠲᠤᠭᠲᠠᠭᠠᠯ ᠤᠳ ᠪᠤᠯᠤᠨ ᠵᠢᠭᠤᠷᠠᠯᠳᠤᠭᠠᠨ ᠤ ᠳᠤᠮᠳᠠᠬᠢ ᠬᠠᠤᠯᠢ ᠴᠠᠭᠠᠵᠠ ᠶᠢᠨ ᠠᠰᠠᠭᠤᠳᠠᠯ ᠢ ᠵᠠᠳᠠᠯᠵᠤ᠂ ᠪᠤᠳᠠᠲᠤ ᠬᠡᠷᠡᠭ ᠦᠨ ᠵᠢᠱᠢᠶ᠎ᠡ ᠲᠡᠢ ᠤᠶᠠᠯᠳᠤᠭᠤᠯᠵᠤ᠂ ᠨᠤᠲᠤᠭ ᠪᠡᠯᠴᠢᠭᠡᠷ ᠦᠨ ᠵᠢᠭᠤᠷᠠᠯᠳᠤᠭᠠᠨ ᠤ ᠳᠤᠮᠳᠠ ᠮᠠᠯᠴᠢᠳ ᠬᠡᠷᠬᠢᠨ ᠦᠪᠡᠷ ᠦᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠲᠤᠬᠠᠢ ᠬᠤᠪᠢ ᠶᠢᠨ ᠰᠠᠨᠠᠯ ᠢᠶᠠᠨ ᠳᠤᠷᠠᠳᠤᠭᠰᠠᠨ ᠪᠠᠢ᠌ᠨ᠎ᠠ᠃ |
原文 |
查看原文
|
出自 |
中国蒙古学
2013年
第4期
|