论文信息


题名 ᠠᠩᠯᠢ᠂ ᠮᠣᠩᠭᠤᠯ ᠬᠡᠯᠡᠨ ᠤ ᠪᠡᠶ ᠡ ᠶᠢᠨ ᠲᠦᠯᠦᠭᠡᠨ ᠤ ᠦᠭᠡ ᠶᠢᠨ ᠲᠠᠢᠨ ᠢᠯᠭᠠᠯ ᠤᠨ ᠲᠣᠬᠠᠢ
作者 ᠵᠢᠷᠤᠮᠲᠤ
关键词 ᠠᠩᠯᠢ; ᠮᠣᠩᠭᠤᠯ ᠬᠡᠯᠡ;ᠪᠡᠶ ᠡ ᠶᠢᠨ ᠲᠦᠯᠦᠭᠡᠨ ᠤ ᠦᠭᠡ ;ᠲᠠᠢᠨ ᠢᠯᠭᠠᠯ 
摘要 ᠠᠩᠯᠢ᠂ᠮᠣᠩᠭᠤᠯ ᠬᠡᠯᠡᠨ ᠤ ᠪᠡᠶ ᠠ ᠶᠢᠨ ᠲᠦᠯᠦᠭᠡᠨ ᠤ ᠦᠭᠡ ᠶᠢᠨ ᠪᠦᠲᠦᠴᠡ ᠪᠣᠯᠤᠨ ᠲᠠᠢᠨ ᠢᠯᠭᠠᠯ ᠢᠢᠡᠷ ᠢᠯᠠᠭᠠᠭᠳᠠᠬᠤ ᠲᠠᠯ ᠠ ᠪᠡᠷ ᠠᠳᠠᠯᠢ ᠲᠠᠯ ᠠ ᠪᠠᠢᠬᠤ ᠪᠦᠭᠡᠳ ᠠᠳᠠᠯᠢ ᠦᠭᠡᠢ ᠭᠠᠵᠠᠷ ᠴᠦ ᠪᠤᠢ᠃ ᠡᠨᠡ ᠨᠢ ᠠᠩᠯᠢ ᠬᠡᠯᠡ ᠰᠤᠷᠴᠤ ᠪᠠᠢᠭ᠎ᠠ ᠮᠣᠩᠭᠤᠯ ᠰᠤᠷᠤᠭᠴᠢᠳ ᠲᠤ ᠠᠪᠴᠦ ᠬᠡᠯᠡᠪᠡᠯ᠂ᠵᠣᠬᠢᠬᠤ ᠬᠡᠮᠵᠢᠶᠠᠨ ᠤ ᠠᠰᠢᠭᠲᠠᠢ ᠨᠦᠬᠦᠴᠡᠯ ᠢ ᠦᠷᠢᠯᠳᠦᠭᠦᠯᠦᠭᠰᠡᠨ ᠪᠣᠯᠪᠠᠴᠦ᠂ ᠲᠡᠳᠡᠨ ᠤ ᠰᠤᠷᠤᠯᠴᠠᠯᠭ᠎ᠠ ᠶᠢᠨ ᠶᠠᠪᠤᠴᠠ ᠳ᠋ᠤ ᠪᠠᠰᠠ ᠬᠠᠷᠰᠢ ᠰᠠᠭᠠᠳ ᠤᠴᠠᠷᠠᠭᠤᠯᠵᠤ ᠪᠠᠢᠨ᠎ᠠ᠃ ᠠᠰᠢᠭᠲᠠᠢ ᠨᠦᠬᠦᠴᠡᠯ ᠨᠢ》ᠲᠡᠳᠡ ᠮᠣᠩᠭᠤᠯ ᠬᠡᠯᠡᠨ ᠤ ᠪᠡᠶᠠ ᠶᠢᠨ ᠲᠦᠯᠦᠭᠡᠨ ᠤ ᠦᠭᠡ ᠶᠢᠨ ᠤᠬᠠᠭᠳᠠᠬᠤᠨ ᠢᠢᠡᠷ ᠲᠡᠭᠦᠨ ᠲᠠᠢ ᠵᠣᠬᠢᠴᠠᠬᠤ ᠠᠩᠯᠢ ᠬᠡᠯᠡᠨ ᠤ ᠪᠡᠶᠠ ᠶᠢᠨ ᠲᠦᠯᠦᠭᠡᠨ ᠤ ᠦᠭᠡ ᠵᠢ ᠤᠢᠯᠠᠭᠠᠵᠤ᠂ ᠮᠣᠩᠭᠤᠯ ᠬᠡᠯᠡᠨ ᠤ ᠬᠡᠷᠡᠭᠯᠡᠭᠡᠨ ᠤ ᠶᠠᠰᠤᠭᠠᠷ ᠲᠡᠭᠦᠨ ᠢ ᠬᠡᠷᠡᠭᠯᠡᠵᠦ ᠪᠣᠯᠤᠨ᠎ᠠ᠃ ᠠᠰᠢᠭ ᠦᠭᠡᠢ ᠲᠠᠯ ᠠ ᠨᠢ᠂ᠮᠣᠩᠭᠤᠯ ᠰᠤᠷᠤᠭᠴᠢᠳ ᠬᠡᠷᠪᠡ ᠡᠨᠡ ᠬᠤᠶᠠᠷ ᠬᠡᠯᠡᠨ ᠤ ᠪᠡᠶ ᠠ ᠶᠢᠨ ᠲᠦᠯᠦᠭᠡᠨ ᠤ ᠦᠬᠡ ᠶᠢᠨ ᠵᠦᠷᠢᠶ ᠠ ᠵᠢ ᠵᠦᠪ ᠤᠨᠤᠪᠴᠢᠲᠠᠢ ᠪᠡᠷ ᠢᠯᠭᠠᠨ ᠰᠠᠯᠭᠠᠵᠤ ᠴᠢᠳᠠᠬᠤ ᠦᠭᠡᠢ ᠪᠡᠷ ᠪᠦᠷᠢᠮᠦᠰᠦᠨ ᠮᠣᠩᠭᠤᠯ ᠬᠡᠯᠡᠨ ᠤ ᠤᠬᠠᠭᠳᠠᠬᠤᠨ ᠢᠢᠡᠷ ᠠᠩᠯᠢ ᠬᠡᠯᠡᠨ ᠤ ᠪᠡᠶ ᠠ ᠶᠢᠨ ᠲᠦᠯᠦᠭᠡᠨ ᠤ ᠦᠭᠡ ᠵᠢ ᠤᠢᠯᠠᠭᠠᠪᠠᠯ᠂ ᠲᠠᠷᠤᠢ ᠠᠩᠯᠢ ᠬᠡᠯᠡᠨ ᠤ ᠵᠠᠷᠢᠮ ᠪᠡᠶ ᠠ ᠶᠢᠨ ᠲᠦᠯᠦᠭᠡᠨ ᠤ ᠦᠭᠡ ᠵᠢ ᠪᠣᠷᠤᠭᠤ ᠪᠡᠷ ᠭᠡᠷᠡᠭᠯᠡᠬᠦ ᠳ᠋ᠤ ᠬᠦᠷᠬᠦ ᠶᠣᠮ᠃ᠡᠨᠳᠡ ᠪᠢ ᠡᠨᠡ ᠬᠤᠶᠠᠷ ᠬᠡᠯᠡᠨ ᠤ ᠪᠡᠶ ᠠ ᠶᠢᠨ ᠲᠦᠯᠦᠭᠡᠨ ᠤ ᠦᠭᠡ ᠵᠢ ᠬᠠᠷᠢᠴᠠᠭᠤᠯᠬᠤ ᠪᠡᠷ ᠲᠠᠮᠵᠢᠭᠤᠯᠵᠤ᠂ ᠲᠡᠳᠡᠭᠡᠷ ᠤᠨ ᠠᠳᠠᠯᠢ ᠪᠠ ᠠᠳᠠᠯᠢ ᠪᠤᠰᠤ ᠭᠠᠵᠠᠷ ᠢ ᠢᠯᠭᠠᠨ ᠰᠠᠯᠭᠠᠵᠤ᠂ ᠮᠣᠩᠭᠤᠯ ᠰᠤᠷᠤᠭᠴᠢᠳ ᠤᠨ ᠠᠩᠯᠢ ᠬᠡᠯᠡᠨ ᠤ ᠪᠡᠶ ᠠ ᠶᠢᠨ ᠲᠦᠯᠦᠭᠡᠨ ᠤ ᠦᠭᠡ ᠵᠢ ᠵᠦᠪ ᠤᠨᠤᠪᠴᠢᠲᠠᠢ ᠡᠵᠡᠮᠰᠢᠬᠦ ᠳ᠋ᠤ ᠲᠤᠰᠠᠯᠠᠮᠵᠢ ᠪᠣᠯᠭᠠᠬᠤ ᠵᠢ ᠬᠢᠴᠢᠶᠡᠵᠦ ᠪᠠᠢᠨ᠎ᠠ᠃
原文 没有原文
出自 内蒙古师范大学学报 1988年 第1期

联系我们


内蒙古大学图书馆
呼和浩特市大学西路235号
中国·内蒙古
P: (0471) 4992561
E: huangfeilong@imu.edu.cn