题名 |
ᠮᠣᠩᠭᠤᠯ ᠡᠮᠨᠡᠯᠭᠡ ᠶᠢᠨ ᠰᠤᠳᠠᠯ ᠤᠨ ᠣᠨᠣᠰᠢᠯᠠᠯ ᠢ ᠪᠤᠰᠤᠳᠴᠢᠵᠢᠭᠤᠯᠬᠤ ᠲᠤᠬᠠᠢ ᠰᠡᠳᠬᠢᠮᠵᠢ |
作者 |
ᠪᠤᠤ ᠰᠢᠶᠤᠤ ᠬᠤᠸᠠ; ᠰᠡᠴᠡᠨᠭᠡᠷᠡᠯ |
关键词 |
ᠮᠣᠩᠭᠤᠯ ᠡᠮᠨᠡᠯᠭᠡ ᠶᠢᠨ ᠰᠤᠳᠠᠯ ᠤᠨ ᠣᠨᠣᠰᠢᠯᠠᠯ; ᠪᠤᠰᠤᠳᠴᠢᠵᠢᠭᠤᠯᠤᠯ; ᠲᠦᠰᠦᠷᠭᠡᠦ ᠲᠤᠭᠠᠨ ᠤ ᠤᠬᠠᠭᠠᠨ |
摘要 |
ᠮᠣᠩᠭᠤᠯ ᠡᠮᠡᠨᠡᠯᠭᠡ ᠶᠢᠨ ᠡᠮᠴᠢᠯᠡᠭᠡ ᠳᠦ ᠰᠤᠳᠠᠯ ᠤᠨ ᠣᠨᠣᠰᠢᠯᠠᠭ᠎ᠠ ᠨᠢ ᠮᠠᠰᠢ ᠴᠢᠬᠤᠯᠠ ᠶᠤᠮ᠃ ᠲᠡᠷᠡ ᠨᠢ ᠪᠦᠬᠦᠯᠢ ᠴᠤᠭᠴᠠ ᠶᠢᠨ ᠦᠵᠡᠯᠲᠡ ᠬᠢᠭᠡᠳ ᠬᠤᠪᠢᠰᠤᠩ᠋ᠭᠤᠢ ᠦᠵᠡᠯᠲᠡ ᠶᠢᠨ ᠨᠢᠭᠡᠲᠦᠮᠡᠯ ᠪᠠᠢ᠌ᠵᠤ᠂ ᠮᠣᠩ᠋ᠭᠤᠯ ᠠᠨᠠᠭᠠᠬᠤ ᠤᠬᠠᠭᠠᠨ ᠤ ᠣᠨᠣᠯ ᠤᠨ ᠡᠮᠴᠢᠯᠡᠭᠡᠨ ᠦ ᠦᠢᠯᠡᠳᠦᠯᠭᠡ ᠶᠢᠨ ᠭᠦᠨᠵᠡᠭᠡᠢ᠌ᠷᠡᠯᠲᠡ ᠪᠡ ᠢᠯᠡᠷᠡᠯᠲᠡ ᠮᠦᠨ᠃ ᠣᠷᠴᠢᠮ ᠤᠨ ᠠᠷᠪᠠᠭᠠᠳ ᠵᠢᠯ ᠳᠦ ᠮᠣᠩ᠋ᠭᠤᠯ ᠡᠮᠨᠡᠯᠭᠡ ᠶᠢᠨ ᠰᠤᠳᠠᠯ ᠤᠨ ᠣᠨᠣᠰᠢᠯᠠᠯ ᠤᠨ ᠪᠤᠰᠤᠳᠴᠢᠭᠤᠯᠭᠠ ᠶᠢᠨ ᠲᠤᠬᠠᠢ ᠰᠤᠳᠤᠯᠤᠯ ᠬᠡᠳᠦᠢ᠌ᠪᠡᠷ ᠤᠷᠤᠭᠰᠢᠲᠠᠢ ᠬᠦᠭ᠍ᠵᠢᠵᠦ ᠨᠡᠯᠢᠶᠡᠳ ᠠᠮᠵᠢᠯᠲᠠ ᠣᠯᠣᠭᠰᠠᠨ ᠪᠤᠯᠪᠠᠴᠤ᠂ ᠣᠳᠣᠬᠢᠴᠢᠯᠠᠭᠰᠠᠨ ᠰᠢᠨᠵᠢᠯᠡᠬᠦ ᠤᠬᠠᠭᠠᠨ ᠲᠧᠭᠨᠢᠭ᠌᠌ ᠮᠡᠷᠭᠡᠵᠢᠯ ᠲᠡᠢ ᠬᠡᠷᠬᠢᠨ ᠤᠠᠯᠳᠤᠭᠤᠯᠵᠤ᠂ ᠶᠠᠮᠠᠷ ᠠᠷᠭ᠎ᠠ ᠪᠠᠷ ᠠᠯᠢ ᠲᠠᠯ᠎ᠠ ᠠᠴᠠ ᠨᠢ ᠡᠬᠢᠯᠡᠵᠦ ᠰᠤᠳᠤᠯᠪᠠᠯ ᠵᠤᠬᠢᠬᠤ ᠠᠰᠠᠭᠤᠳᠠᠯ ᠬᠠᠷᠠᠬᠠᠨ ᠰᠢᠢᠳᠪᠦᠷᠢᠯᠡᠭᠳᠡᠭᠡᠳᠦᠢ᠃ ᠲᠤᠰ ᠦᠭᠦᠯᠡᠯ ᠨᠢ ᠡᠨᠡ ᠬᠦ ᠠᠰᠠᠭᠤᠳᠠᠯ ᠳᠤ ᠴᠢᠭᠯᠡᠭᠦᠯᠦᠨ ᠰᠢᠨ᠎ᠡ ᠰᠡᠳᠬᠢᠮᠵᠢ᠂ ᠰᠢᠨ᠎ᠡ ᠠᠷᠭ᠎ᠠ ᠶᠢ ᠡᠷᠢᠯᠬᠢᠯᠡᠨ᠂ ᠮᠣᠩ᠋ᠭᠤᠯ ᠡᠮᠨᠡᠯᠭᠡ ᠶᠢᠨ ᠰᠤᠳᠠᠯ ᠤᠨ ᠣᠨᠣᠰᠢᠯᠠᠯ ᠤᠨ ᠪᠤᠰᠤᠳᠴᠢᠭᠤᠯᠭᠠ ᠶᠢᠨ ᠰᠤᠳᠤᠯᠤᠯ ᠳᠤ ᠬᠠᠩ᠋ᠭᠠᠯᠲᠠ ᠬᠢᠨᠠᠯᠲᠠ ᠪᠤᠯᠭᠠᠬᠤ ᠶᠢ ᠵᠤᠷᠢᠭᠰᠠᠨ ᠪᠠᠢ᠌ᠨ᠎ᠠ᠃ |
原文 |
查看原文
|
出自 |
内蒙古民族大学学报(蒙医药学)
2012年
第1期
|