题名 |
ᠬᠣᠷᠴᠢᠨ ᠤ ᠤᠬᠤᠷ ᠠᠶᠠᠲᠤ ᠠᠷᠠᠳ ᠤᠨ ᠳᠠᠭᠤᠤ ᠶᠢ ᠬᠡᠷᠬᠢᠨ ᠬᠠᠮᠠᠭᠠᠯᠠᠵᠤ ᠬᠦᠭᠵᠢᠭᠦᠯᠬᠦ ᠲᠤᠬᠠᠢ ᠦᠭᠦᠯᠡᠬᠦ ᠨᠢ |
作者 |
ᠭᠤᠮᠢᠨ |
关键词 |
ᠬᠣᠷᠴᠢᠨ; ᠣᠬᠤᠷ ᠠᠶᠠᠲᠤ ᠠᠷᠠᠳ ᠤᠨ ᠳᠠᠭᠤᠤ; ᠣᠳᠣᠬᠢ ᠪᠠᠢᠳᠠᠯ; ᠠᠪᠤᠷᠠᠨ ᠬᠠᠮᠠᠭᠠᠯᠠᠬᠤ ᠠᠷᠭ᠎ᠠ ᠬᠡᠮᠵᠢᠶ᠎ᠡ |
摘要 |
ᠬᠣᠷᠴᠢᠨ ᠤ ᠣᠬᠤᠷ ᠠᠶᠠᠲᠤ ᠠᠷᠠᠳ ᠤᠨ ᠳᠠᠭᠤᠤ ᠪᠤᠯ ᠮᠠᠨ ᠤ ᠮᠣᠩᠭᠤᠯ ᠦᠨᠳᠦᠰᠦᠲᠡᠨ ᠦ ᠤᠯᠠᠮᠵᠢᠯᠠᠯᠲᠤ ᠳᠠᠭᠤᠤ ᠷᠠᠯᠢᠭ ᠶᠢᠨ ᠰᠤᠳᠤᠨ ᠪᠦᠲᠦᠭᠡᠯ ᠦᠳ ᠪᠤᠯᠬᠤ ᠮᠦᠷᠲᠡᠭᠡᠨ ᠪᠤᠳᠠᠰ ᠤᠨ ᠪᠤᠰᠤ ᠰᠤᠶᠤᠯ ᠤᠨ ᠦᠪ ᠦᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠃ ᠲᠡᠷᠡ ᠨᠢ ᠬᠤᠷᠴᠠ ᠲᠤᠳᠤ ᠦᠨᠳᠦᠰᠦᠲᠡᠨ ᠦ ᠪᠡ ᠭᠠᠵᠠᠷ ᠣᠷᠤᠨ ᠤ ᠳᠤᠪᠤᠢᠮ᠎ᠠ ᠣᠨᠴᠠᠯᠢᠭ ᠲᠠᠢ ᠪᠠᠢᠳᠠᠭ᠃ ᠠᠵᠤ ᠠᠬᠤᠢ ᠶᠢᠨ ᠬᠦᠭᠵᠢᠯᠲᠡ ᠶᠢ ᠳᠠᠭᠠᠯᠳᠤᠨ ᠬᠣᠷᠴᠢᠨ ᠤ ᠤᠯᠠᠮᠵᠢᠯᠠᠯᠲᠤ ᠳᠠᠭᠤᠤ ᠤᠷᠠᠯᠢᠭ ᠤᠨ ᠰᠤᠶᠤᠯ ᠨᠢ ᠬᠦᠨᠳᠦ ᠨᠤᠴᠢᠲᠠᠢ ᠳᠠᠭᠠᠷᠢᠯᠲᠠ ᠳᠤ ᠤᠴᠠᠷᠠᠵᠤ᠂ ᠣᠬᠤᠷ ᠠᠶᠠᠲᠤ ᠠᠷᠠᠳ ᠤᠨ ᠳᠠᠭᠤᠤ ᠶᠢᠨ ᠣᠷᠤᠰᠢᠬᠤᠢ ᠨᠢ ᠴᠤ ᠬᠦᠨᠳᠦ ᠬᠢᠮᠤᠷᠠᠯ ᠳᠤ ᠲᠤᠬᠢᠶᠠᠯᠳᠤᠵᠤ᠂ ᠪᠠᠯᠠᠷᠠᠨ ᠤᠰᠠᠳᠬᠤ ᠠᠶᠤᠯ ᠳᠤ ᠲᠤᠯᠭᠠᠷᠠᠭᠠᠳ ᠪᠤᠢ᠃ ᠦᠭᠦᠯᠡᠯ ᠳᠦ᠂ ᠬᠣᠷᠴᠢᠨ ᠤ ᠣᠬᠤᠷ ᠠᠶᠠᠲᠤ ᠠᠷᠠᠳ ᠤᠨ ᠳᠠᠭᠤᠤ ᠶᠢᠨ ᠣᠳᠣᠬᠢ ᠪᠠᠢᠳᠠᠯ ᠳᠤ ᠴᠢᠭᠯᠡᠭᠦᠯᠦᠨ ᠲᠡᠭᠦᠨ ᠢ ᠬᠡᠷᠬᠢᠨ ᠠᠪᠤᠷᠠᠨ ᠬᠠᠮᠠᠭᠠᠯᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠬᠤ ᠶᠢ ᠰᠠᠨᠠᠭᠠᠴᠢᠯᠠᠵᠤ᠂ ᠳᠠᠭᠤᠤ ᠤᠷᠠᠯᠢᠭ ᠤᠨ ᠣᠯᠠᠨ ᠶᠠᠩᠵᠤᠲᠤ ᠴᠢᠨᠠᠷ ᠢ ᠪᠠᠲᠤᠯᠠᠨ ᠬᠠᠮᠠᠭᠠᠯᠠᠬᠤ ᠶᠢᠨ ᠴᠢᠬᠤᠯᠠ ᠴᠢᠨᠠᠷ ᠪᠠ ᠠᠴᠢ ᠬᠤᠯᠪᠤᠭᠳᠠᠯ ᠢ ᠦᠭᠦᠯᠡᠬᠦ ᠪᠡᠷ ᠵᠤᠷᠢᠵᠠᠢ᠃ |
原文 |
查看原文
|
出自 |
中国蒙古学
2015年
第4期
|