题名 |
ᠥᠪᠥᠷ ᠮᠣᠩᠭᠣᠯ ᠤᠷᠤᠨ ᠦ ᠵᠠᠰᠠᠭ ᠵᠠᠬᠢᠷᠭᠠᠨ ᠦ ᠤᠷᠤᠨ ᠬᠤᠪᠢᠶᠠᠷᠢᠯᠠᠯ ᠤᠨ ᠰᠢᠯᠵᠢᠯᠳᠡ ᠬᠤᠪᠢᠷᠠᠯ ᠢ ᠰᠢᠨᠵᠢᠯᠡᠬᠦ ᠨᠢ᠄ ᠲᠠᠢ᠌ᠴᠢᠩ ᠬᠦᠷᠦᠨ ᠪᠠᠢ᠌ᠭᠤᠯᠤᠭᠳᠠᠭᠰᠠᠨ ᠡᠴᠡ ᠨᠠᠰᠢᠬᠢ ᠥᠪᠥᠷ ᠮᠣᠩᠭᠣᠯᠤ ᠨ ᠦᠪᠡᠷᠳᠡᠭᠡᠨ ᠵᠠᠰᠠᠬᠤ ᠤᠷᠤᠨ ᠪᠠᠢ᠌ᠭᠤᠯᠤᠭᠳᠠᠳᠠᠯ ᠠ |
作者 |
ᠮᠥᠩᠬᠡᠪᠤᠶᠠᠨ |
关键词 |
ᠥᠪᠥᠷ ᠮᠣᠩᠭᠣᠯ ᠤᠷᠤᠨ;ᠵᠠᠰᠠᠭ ᠵᠠᠬᠢᠷᠭᠠᠨ ᠦ ᠤᠷᠤᠨ ᠬᠤᠪᠢᠶᠠᠷᠢᠯᠠᠯ; ᠰᠢᠯᠵᠢᠯᠳᠡ ᠬᠤᠪᠢᠷᠠᠯ |
摘要 |
ᠲᠠᠢ᠌ᠴᠢᠩ ᠬᠦᠷᠦᠨ ᠡᠴᠡ ᠥᠪᠥᠷ ᠮᠣᠩᠭᠣᠯ ᠳᠤ 《ᠰᠠᠯᠭᠠᠨ ᠵᠠᠰᠠᠬᠤ》ᠤᠨᠴᠠᠭᠠᠢ ᠭᠠᠵᠠᠷ ᠤᠷᠤᠨ ᠦ ᠵᠠᠰᠠᠭ ᠵᠠᠬᠢᠷᠭᠠᠨ ᠦ ᠤᠷᠤᠨ ᠦ ᠬᠤᠪᠢᠶᠠᠷᠢᠯᠠᠯ ᠤᠨ ᠪᠠᠢᠭᠤᠯᠤᠯ ᠪᠠ ᠲᠦᠷᠦ ᠶᠢᠨ ᠪᠤᠳᠤᠯᠭ᠎ᠠ ᠲᠤᠭᠳᠠᠭᠠᠨ ᠬᠡᠷᠡᠭᠵᠢᠭᠦᠯᠵᠤ᠂ ᠥᠪᠥᠷ ᠮᠣᠩᠭᠣᠯ ᠤᠨ ᠹᠸᠦᠳᠠᠯ ᠤᠨ ᠬᠡᠰᠡᠭᠯᠡᠯ ᠲᠤᠰᠠᠭᠠᠷᠯᠠᠯ ᠢ ᠪᠤᠳᠤᠳᠬᠠᠵᠠᠢ᠃1914ᠤᠨ ᠳᠤ ᠳᠤᠮᠳᠠᠳᠤ ᠤᠯᠤᠰ ᠤᠨ ᠤᠮᠠᠷᠠᠳᠤ ᠶᠢᠨ ᠴᠡᠷᠢᠭ ᠤᠨ ᠡᠷᠬᠡᠳᠡᠨ ᠦ ᠵᠠᠰᠠᠭ ᠤᠨ ᠤᠷᠳᠤᠨ ᠡᠴᠡ ᠯᠾᠸ ᠡᠾᠸ ᠴᠠᠬᠠᠷ ᠰᠤᠢᠶᠤᠸᠠᠨ ᠭᠤᠷᠪᠠᠨ ᠤᠨᠴᠠᠭᠠᠢ ᠤᠷᠤᠨ ᠪᠠᠢ᠌ᠭᠤᠯᠵᠤ᠃ 1928ᠤᠨ ᠳᠤ ᠭᠤᠮᠢᠨᠳᠠᠭ᠌ ᠤᠨ ᠵᠠᠰᠠᠭ ᠤᠨ ᠤᠷᠳᠤᠨ ᠡᠴᠡ ᠲᠷᠭᠦᠨ ᠢ ᠴᠦᠮ ᠮᠤᠵᠢ ᠪᠤᠯᠭᠠᠭᠰᠠᠨ ᠦ ᠲᠠᠷᠠᠭ᠎ᠠ ᠥᠪᠥᠷ ᠮᠣᠩᠭᠣᠯ ᠬᠡᠳᠡᠭ ᠨᠡᠷ ᠡ ᠪᠠᠯᠠᠷᠠᠵᠤ ᠡᠬᠢᠯᠡᠵᠡᠢ᠃ 1947ᠤᠨ ᠳᠤ ᠥᠪᠥᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠪᠠᠢᠭᠤᠯᠤᠭᠳᠠᠭᠰᠠᠨ ᠨᠢ ᠨᠤᠶᠠᠷᠬᠠᠭᠴᠢ ᠠᠩᠬᠢ ᠡᠴᠡ ᠥᠪᠥᠷ ᠮᠣᠩᠭᠣᠯ ᠳᠤ ᠶᠠᠪᠤᠭᠤᠯᠤᠭᠰᠠᠨ ᠵᠦᠬᠡᠯᠡᠷᠡᠭᠦᠯᠬᠢ ᠪᠠ ᠬᠤᠪᠢᠶᠠᠨ ᠰᠠᠯᠭᠠᠬᠤ ᠲᠦᠷᠦ ᠶᠢᠨ ᠪᠤᠳᠤᠯᠭ᠎ᠠ ᠶᠢ ᠲᠦᠯᠬᠢᠨ ᠤᠨᠠᠭᠠᠵᠤ᠂ ᠨᠢᠭᠡᠳᠦᠭᠰᠡᠨ ᠥᠪᠥᠷ ᠮᠣᠩᠭᠣᠯ ᠤᠨ ᠥᠪᠡᠷᠳᠡᠭᠡᠨ ᠵᠠᠰᠠᠬᠤ ᠤᠷᠤᠨ ᠢ ᠪᠠᠢ᠌ᠭᠤᠯᠤᠭᠳᠠᠬᠤ ᠶᠢᠨ ᠠᠩᠬᠠᠨ ᠦ ᠰᠠᠭᠤᠷᠢ ᠶᠢ ᠲᠠᠯᠪᠢᠵᠠᠢ᠃ |
原文 |
查看原文
|
出自 |
中国蒙古学
2009年
第5期
|