题名 |
17 ᠳ᠋ᠤᠭᠠᠷ ᠵᠠᠭᠤᠨ ᠤ ᠦᠶ᠎ᠡ ᠶᠢᠨ ᠮᠤᠩᠭ᠋ᠤᠯ ᠲᠡᠦᠬᠡᠨ ᠤᠷᠠᠨ ᠵᠤᠬᠢᠶᠠᠯ ᠤᠨ ᠬᠦᠦᠷᠨᠢᠯ ᠤᠨ ᠵᠠᠭᠪᠤᠷ ᠤᠨ ᠰᠢᠨᠵᠢᠯᠡᠯ |
作者 |
ᠪᠤᠤ ᠼᠠᠢ ᠰᠢᠶᠠ |
关键词 |
17ᠳ᠋ᠤᠭᠠᠷ ᠵᠠᠭᠤᠨ; ᠮᠤᠩᠭ᠋ᠤᠯ ᠲᠡᠦᠬᠡᠨ ᠤᠷᠠᠨ ᠵᠤᠬᠢᠶᠠᠯ; ᠬᠦᠦᠷᠨᠢᠯ ᠤᠨ ᠵᠠᠭᠪᠤᠷ |
摘要 |
17 ᠳ᠋ᠤᠭᠠᠷ ᠵᠠᠭᠤᠨ ᠤ ᠦᠶ᠎ᠡ ᠶᠢᠨ ᠮᠤᠩᠭ᠋ᠤᠯ ᠲᠡᠦᠬᠡᠨ ᠤᠷᠠᠨ ᠵᠤᠬᠢᠶᠠᠯ ᠪᠤᠯ ᠮᠤᠩᠭ᠋ᠤᠯᠴᠤᠳ ᠤᠨ ᠡᠭᠦᠰᠦᠯ ᠭᠠᠷᠤᠯ᠂ ᠡᠰᠡᠨᠢᠯ ᠮᠠᠨᠳᠤᠯ᠂ ᠤᠷᠤᠭᠤᠳᠤᠯ ᠲᠤᠷᠤᠢ᠌ᠳᠠᠯ᠂ ᠬᠠᠭᠠᠴᠠᠯ ᠵᠠᠳᠠᠷᠠᠯ ᠤᠨ ᠲᠡᠦᠬᠡ ᠵᠢᠴᠢ ᠤᠯᠤᠰ ᠲᠦᠷᠦ᠂ ᠠᠵᠤ ᠠᠬᠤᠢ᠂ ᠨᠡᠢ᠌ᠭᠡᠮ ᠤᠨ ᠪᠠᠢ᠌ᠭᠤᠯᠤᠯ᠂ ᠵᠠᠩ ᠦᠢᠯᠡ ᠵᠡᠷᠭᠡ ᠶᠢ ᠰᠤᠳᠤᠯᠬᠤ ᠳᠤ ᠬᠤᠪᠤᠷ ᠨᠠᠨᠳᠢᠨ ᠰᠤᠷᠪᠤᠯᠵᠢ ᠪᠢᠴᠢᠭ᠌ ᠪᠤᠯᠬᠤ ᠪᠡᠷ ᠦᠯᠦ ᠪᠠᠷᠠᠮ᠂ ᠮᠤᠩᠭ᠋ᠤᠯᠴᠤᠳ ᠤᠨ ᠰᠤᠶᠤᠯ ᠤᠷᠠᠯᠢᠭ ᠤᠨ ᠬᠦᠭ᠍ᠵᠢᠯ ᠪᠠᠳᠠᠷᠠᠯ ᠂ ᠢᠯᠠᠩᠭ᠋ᠤᠶ᠎ᠠ ᠤᠷᠠᠨ ᠵᠤᠬᠢᠶᠠᠯ ᠤᠨ ᠤᠨᠴᠠᠯᠢᠭ ᠰᠢᠨᠵᠢ ᠶᠢ ᠰᠤᠳᠤᠯᠬᠤ ᠳ᠋ᠤ ᠴᠢᠬᠤᠯᠠ ᠭᠠᠷ ᠠᠪᠤᠯᠭ᠎ᠠ ᠶᠢᠨ ᠪᠢᠴᠢᠭ᠌ ᠪᠤᠯᠬᠤ ᠶᠤᠮ᠃ ᠬᠦᠦᠷᠨᠢᠯ ᠵᠦᠢ ᠶᠢᠨ ᠬᠠᠷᠢᠴᠠᠭ᠎ᠠ ᠡᠴᠡ 17 ᠳ᠋ᠤᠭᠠᠷ ᠵᠠᠭᠤᠨ ᠤ ᠦᠶ᠎ᠡ ᠶᠢᠨ ᠮᠤᠩᠭ᠋ᠤᠯ ᠲᠡᠦᠬᠡᠨ ᠤᠷᠠᠨ ᠵᠤᠬᠢᠶᠠᠯ ᠳᠤ ᠮᠤᠩᠭ᠋ᠤᠯ ᠦᠨᠳᠦᠰᠦᠳᠡᠨ ᠤ ᠲᠡᠦᠬᠡ ᠪᠢᠴᠢᠯᠭᠡ ᠶᠢᠨ ᠤᠯᠠᠮᠵᠢᠯᠠᠯᠳᠤ ᠠᠷᠭ᠎ᠠ ᠶᠢ ᠬᠡᠷᠬᠢᠨ ᠵᠠᠯᠭᠠᠮᠵᠢᠯᠠᠵᠤ ᠰᠢᠨᠡᠴᠢᠯᠡᠭᠰᠡᠨ ᠂ ᠱᠠᠰᠢᠨ ᠲᠦᠷᠦ ᠬᠤᠶᠠᠷ ᠶᠤᠰᠤᠨ ᠢ ᠵᠡᠷᠭᠡ ᠪᠡᠷ ᠶᠠᠪᠤᠭᠤᠯᠬᠤ ᠵᠤᠷᠢᠯᠳᠠ ᠶᠢ ᠬᠡᠷᠬᠢᠨ ᠤᠬᠠᠭᠤᠯᠵᠤ ᠰᠤᠷᠳᠠᠯᠴᠢᠯᠠᠭᠰᠠᠨ᠂ ᠠᠯᠳᠠᠨ ᠤᠷᠤᠭᠳᠠᠨ ᠤ ᠲᠡᠦᠬᠡ ᠶᠢ ᠬᠦᠦᠷᠨᠢᠬᠦ ᠵᠠᠭᠪᠤᠷ ᠢ ᠬᠡᠷᠬᠢᠨ ᠡᠭᠦᠳᠴᠦ ᠴᠤᠭᠴᠠᠯᠠᠭᠰᠠᠨ ᠵᠡᠷᠭᠡ ᠶᠢ ᠲᠤᠳᠤᠷᠠᠭᠤᠯᠬᠤ ᠨᠢ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ᠃ |
原文 |
查看原文
|
出自 |
蒙古学研究
2014年
第2期
|