题名 |
ᠰᠢᠨ᠎ᠡ ᠡᠷᠢᠨ ᠳ᠋ᠡᠬᠢ ᠮᠣᠩᠭᠤᠯ ᠢᠢᠡᠷ ᠰᠤᠷᠤᠭᠰᠠᠨ ᠤᠶᠤᠲᠠᠳ ᠤᠨ ᠠᠵᠢᠯ ᠤᠯᠬᠤ ᠳ᠋ᠤ ᠬᠦᠴᠢᠷ ᠪᠠᠢᠭ᠎ᠠ ᠠᠰᠠᠭᠤᠳᠠᠯ ᠤᠨ ᠲᠣᠬᠠᠢ |
作者 |
ᠪᠣᠣ ᠰᠠᠩ |
关键词 |
ᠲᠡᠭᠡᠳᠦ ᠰᠤᠷᠭᠠᠭᠤᠯᠢ; ᠮᠣᠩᠭᠤᠯ ᠢᠢᠡᠷ ᠰᠤᠷᠤᠯᠴᠠᠵᠤ ᠪᠠᠢᠭ᠎ᠠ ᠤᠶᠤᠳᠠᠳ; ᠠᠵᠢᠯ ᠤᠯᠬᠤ ᠠᠰᠠᠭᠤᠳᠠᠯ |
摘要 |
ᠨᠡᠢᠭᠡᠮ ᠤᠨ ᠤᠯᠠᠨ ᠲᠠᠯᠠᠲᠤ ᠭᠦᠭᠵᠢᠯᠲᠡ ᠪᠠ ᠤᠯᠤᠰ ᠤᠨ ᠲᠡᠭᠡᠳᠦ ᠰᠤᠷᠭᠠᠭᠤᠯᠢ ᠶᠢᠨ ᠲᠡᠭᠦᠰᠭᠦ ᠤᠶᠤᠲᠠᠳ ᠤᠨ ᠠᠵᠢᠯ ᠬᠤᠪᠢᠶᠠᠷᠢᠯᠠᠯᠲᠠ ᠶᠢᠨ ᠲᠦᠷᠢᠮ ᠤᠨ ᠦᠭᠡᠷᠡᠴᠢᠯᠡᠯᠲᠡ ᠶᠢᠨ ᠪᠣᠳᠠᠳᠠᠢᠵᠢᠯᠠᠯᠲᠠ ᠪᠠ ᠤᠷᠤᠭᠰᠢᠯᠠᠬᠤ ᠵᠢ ᠲᠠᠭᠠᠯᠳᠤᠨ ᠶᠡᠬᠡ ᠰᠤᠷᠭᠠᠭᠤᠯᠢ ᠶᠢᠨ ᠤᠶᠤᠲᠠᠳ ᠤᠨ ᠪᠣᠳᠠᠳᠠᠢ ᠦᠪᠡᠷᠮᠢᠴᠡ ᠪᠠᠢᠳᠠᠯ ᠨᠢ ᠴᠦᠬᠡᠨ ᠲᠤᠭᠠᠲᠤ ᠦᠨᠳᠦᠰᠦᠲᠡᠨ ᠤ ᠲᠡᠭᠦᠰᠬᠦ ᠰᠤᠷᠤᠭᠴᠢ ᠶᠢᠨ ᠠᠵᠢᠯ ᠤᠯᠬᠤ ᠬᠦᠴᠢᠷᠳᠡᠯ ᠢ ᠨᠡᠮᠡᠭᠳᠡᠭᠦᠯᠦᠭᠰᠡᠨ ᠪᠠᠢᠨ᠎ᠠ᠃ ᠣᠨᠴᠠᠭᠠᠢᠯᠠᠨ ᠤᠢᠷ ᠡ ᠶᠢᠨ ᠬᠡᠳᠦᠨ ᠵᠢᠯ ᠳ᠋ᠤ ᠦᠪᠦᠷ ᠮᠣᠨᠭᠤᠯ ᠤᠨ ᠦᠨᠳᠦᠰᠦᠲᠡᠨ ᠤ ᠰᠤᠷᠭᠠᠭᠤᠯᠢ ᠡᠴᠡ ᠲᠡᠭᠦᠰᠦᠭᠰᠡᠨ ᠰᠤᠷᠤᠭᠴᠢ ᠶᠢᠨ ᠠᠵᠢᠯ ᠤᠯᠬᠤ᠂ ᠠᠵᠢᠯᠯᠠᠬᠤ ᠲᠠᠷᠤᠭᠠᠰᠤ ᠤᠯᠠᠮ ᠶᠡᠬᠡᠰᠴᠦ᠂ ᠲᠤᠯᠭᠠᠷᠠᠬᠤ ᠠᠰᠠᠭᠤᠳᠠᠯ ᠨᠢ ᠴᠦ ᠤᠯᠠᠮ ᠢᠯᠡᠭᠦᠦ ᠪᠣᠯᠤᠭᠰᠠᠨ ᠪᠠᠢᠨ᠎ᠠ᠃ ᠡᠨᠡ ᠨᠢ ᠮᠣᠩᠭᠤᠯ ᠰᠤᠷᠤᠭᠴᠢ ᠶᠢᠨ ᠠᠵᠢᠯ ᠤᠯᠬᠤ ᠳ᠋ᠤ ᠬᠦᠴᠢᠷᠲᠡᠢ ᠪᠠᠢᠭ᠎ᠠ ᠠᠰᠠᠭᠤᠳᠠᠯ ᠲᠡᠭᠡᠷ ᠡ ᠬᠠᠷᠢᠴᠠᠩᠭᠤᠢ ᠲᠣᠪᠤᠢᠮ ᠠ ᠢᠯᠡᠷᠡᠵᠦ ᠪᠠᠢᠳᠠᠭ᠃ ᠵᠣᠬᠢᠶᠠᠭᠴᠢ ᠡᠴᠡ ᠤᠯᠠᠨ ᠵᠢᠯ ᠤᠨ ᠲᠤᠷᠰᠢ ᠶᠡᠬᠡ ᠰᠤᠷᠭᠠᠭᠤᠯᠢ ᠶᠢᠨ ᠤᠶᠤᠲᠠᠳ ᠤᠨ ᠠᠵᠢᠯ ᠤᠯᠬᠤ ᠠᠵᠢᠯ ᠢ ᠵᠢᠯᠤᠭᠤᠳᠤᠭᠰᠠᠨ ᠲᠤᠷᠰᠢᠯᠭ᠎ᠠ ᠪᠠᠨ ᠦᠨᠳᠦᠰᠦᠯᠡᠵᠦ᠂ ᠮᠠᠨ ᠤ ᠣᠷᠤᠨ ᠤ ᠦᠨᠳᠦᠰᠦᠲᠡᠨ ᠤ ᠰᠤᠷᠭᠠᠭᠤᠯᠢ ᠶᠢᠨ ᠮᠣᠩᠭᠤᠯ ᠰᠤᠷᠤᠭᠴᠢᠳ ᠤᠨ ᠠᠵᠢᠯ ᠤᠯᠬᠤ ᠳ᠋ᠤ ᠬᠦᠴᠢᠷᠲᠡᠢ ᠪᠠᠢᠭ᠎ᠠ ᠰᠢᠯᠲᠠᠭᠠᠨ ᠳ᠋ᠤ ᠲᠦᠭᠦᠮ ᠵᠠᠳᠠᠯᠤᠯᠲᠠ ᠬᠢᠭᠰᠡᠨ ᠪᠠᠢᠨ᠎ᠠ᠃ |
原文 |
查看原文
|
出自 |
赤峰学院学报(蒙文哲学社会科学版)
2013年
第4期
|