题名 |
ᠦᠱᠦ ᠶᠢᠨ ᠦᠢᠯᠡᠰ ᠢ ᠠᠵᠦ ᠦᠢᠯᠡᠰᠵᠢᠭᠦᠯᠦᠨ ᠭᠦᠭᠵᠢᠭᠦᠯᠬᠦ ᠲᠣᠬᠠᠢ |
作者 |
ᠭᠤᠤ ᠰᠢᠶᠣᠣ ᠭᠤᠸᠠᠩ |
关键词 |
ᠦᠱᠦ ᠶᠢᠨ ᠠᠵᠤ ᠦᠢᠯᠰ; ᠵᠣᠬᠢᠴᠠᠩᠭᠤᠢ ᠭᠦᠭᠵᠢᠯᠲᠡ; ᠪᠠᠢᠭᠤᠯᠤᠮᠵᠢ ᠶᠢᠨ ᠲᠦᠷᠢᠮ; ᠵᠠᠬ᠎ᠠ ᠲᠡᠯᠭᠡᠭᠦᠷ |
摘要 |
ᠦᠱᠦ ᠶᠢᠨ ᠠᠵᠦ ᠦᠢᠯᠡᠰ ᠪᠣᠯ ᠦᠱᠦ ᠶᠢᠨ ᠵᠠᠬ᠎ᠠ ᠲᠡᠯᠭᠡᠭᠦᠷ ᠤᠨ ᠴᠢᠮᠦᠭᠡ ᠨᠢ ᠶᠣᠮ᠂ ᠲᠡᠷᠡ ᠨᠢ ᠦᠱᠦ ᠶᠢᠨ ᠵᠠᠬ᠎ᠠ ᠲᠡᠯᠭᠡᠭᠦᠷ ᠤᠨ ᠪᠦᠬᠦ ᠲᠠᠯ ᠠ ᠶᠢᠨ ᠬᠦᠭᠵᠢᠯᠲᠡ ᠶᠢᠨ ᠲᠤᠯᠭᠠᠭᠤᠷᠢ ᠪᠣᠯᠤᠨ᠎ᠠ᠃ ᠲᠤᠮᠳᠠᠳᠤ ᠤᠯᠤᠰ ᠲᠤ ᠦᠱᠦ ᠶᠢᠨ ᠠᠵᠤ ᠦᠢᠯᠡᠰ ᠨᠢ ᠨᠡᠯᠢᠶᠡᠳ ᠰᠢᠠᠨ ᠬᠦᠭᠵᠢᠯᠲᠡ ᠶᠢᠨ ᠣᠷᠤᠨ ᠵᠠᠢ ᠪᠠ ᠭᠦᠭᠵᠢᠯᠲᠡ ᠶᠢᠨ ᠲᠠᠪᠠᠭᠤᠯᠢᠭ ᠲᠠᠢ ᠮᠡᠦᠷᠲᠡᠭᠡᠨ ᠲᠡᠭᠦᠨ ᠤ ᠰᠣᠶᠣᠯ ᠤᠨ ᠡᠬᠢ ᠰᠣᠷᠪᠤᠯᠵᠢ ᠭᠦᠨ ᠵᠤᠵᠠᠭᠠᠨ ᠪᠠᠢᠳᠠᠭ᠃ ᠦᠱᠦ ᠨᠢ ᠦᠨᠳᠦᠰᠦᠲᠡᠨ ᠤ ᠴᠢᠨᠠᠷ᠂ ᠤᠷᠤᠨ ᠨᠤᠲᠤᠭ ᠤᠨ ᠴᠢᠨᠠᠷ᠂ ᠪᠠᠶ ᠠ ᠶᠢᠨ ᠲᠠᠮᠢᠷ ᠵᠡᠷᠭᠡ ᠢᠯᠡ ᠲᠤᠳᠤ ᠣᠨᠴᠠᠯᠢᠭ ᠲᠠᠢ ᠪᠠᠢᠳᠠᠭ᠃ ᠦᠱᠦ ᠶᠢᠨ ᠦᠪᠡᠷᠮᠢᠴᠡ ᠣᠨᠴᠠᠯᠢᠭ ᠢ ᠠᠩᠬᠠᠷᠴᠤ᠂ ᠦᠱᠦ ᠶᠢᠨ ᠰᠣᠶᠣᠯ ᠤᠨ ᠠᠭᠤᠯᠤᠭᠳᠠᠴᠠ ᠵᠢ ᠠᠭᠤᠳᠠᠯᠬᠤ ᠪᠣᠯ ᠦᠱᠦ ᠶᠢᠨ ᠦᠢᠯᠡᠰ ᠢ ᠵᠠᠬ ᠠ ᠲᠡᠯᠭᠡᠷᠵᠢᠬᠦᠯᠦᠨ ᠭᠦᠭᠵᠢᠬᠦᠯᠬᠦ ᠵᠠᠩᠬᠢᠯᠭ᠎ᠠ ᠨᠢ ᠪᠣᠯᠬᠤ ᠶᠣᠮ᠃ ᠦᠱᠦ ᠶᠢᠨ ᠠᠵᠦ ᠦᠢᠯᠡᠰ ᠪᠣᠯ ᠮᠦᠨ ᠴᠦ ᠦᠱᠦ ᠶᠢᠨ ᠮᠡᠷᠭᠡᠵᠢᠯ ᠤᠨ ᠦᠢᠯᠡᠳᠬᠦᠨ᠂ ᠬᠤᠯᠪᠤᠭᠳᠠᠯ ᠪᠦᠬᠦᠢ ᠦᠢᠯᠡᠳᠬᠦᠨ᠂ ᠦᠱᠦ ᠶᠢᠨ ᠦᠢᠯᠡᠴᠯᠠᠭᠡ ᠵᠢᠴᠢ ᠵᠠᠬ ᠠ ᠲᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠵᠡᠷᠭᠡ ᠶᠢᠨ ᠤᠶᠠᠯᠳᠤᠯ ᠶᠣᠮ᠃ᠡᠢᠮᠦ ᠡᠴᠡ ᠦᠱᠦ ᠶᠢᠨ ᠠᠵᠦ ᠦᠢᠯᠡᠰ ᠤᠨ ᠵᠣᠬᠢᠴᠠᠩᠭᠤᠢ ᠬᠦᠭᠵᠢᠯᠲᠡ ᠶᠢᠨ ᠲᠤᠭᠲᠠᠴᠠ ᠪᠠᠢᠭᠤᠯᠬᠤ ᠨᠢ ᠦᠱᠦ ᠶᠢᠨ ᠠᠵᠤ ᠦᠢᠯᠡᠰ ᠤᠨ ᠵᠠᠬ ᠠ ᠲᠡᠯᠭᠡᠭᠦᠷ ᠢ ᠬᠦᠭᠵᠢᠬᠦᠯᠬᠦ ᠶᠢᠨ ᠪᠠᠲᠤᠯᠠᠭ ᠪᠣᠯᠤᠨ᠎ᠠ᠃ |
原文 |
没有原文
|
出自 |
赤峰学院学报(蒙文哲学社会科学版)
2014年
第4期
|