摘要 |
ᠨᠡᠢ᠌ᠭᠡᠮ ᠦᠨ ᠠᠰᠠᠭᠤᠳᠠᠯ ᠪᠤᠯ ᠨᠡᠢ᠋ᠭᠡᠮ ᠵᠦᠢ ᠶᠢᠨ ᠴᠢᠬᠤᠯᠠ ᠨᠢᠭᠡᠨ ᠰᠤᠳᠤᠯᠤᠭᠳᠠᠬᠤᠨ ᠪᠤᠯᠤᠨ᠎ᠠ᠃ ᠦᠷᠦᠨᠡᠳᠠᠬᠢᠨ ᠳᠤ ᠡᠷᠳᠡᠮᠲᠡᠳ ᠡᠨᠡ ᠲᠤᠬᠠᠢ ᠣᠯᠠᠨ ᠲᠠᠢ᠌ᠯᠪᠤᠷᠢᠯᠠᠯᠲᠠ ᠭᠦᠨ ᠰᠦᠪᠡᠭ᠍ᠴᠢᠯᠡᠯ ᠬᠢᠭ᠍ᠰᠡᠨ ᠪᠡ ᠳᠤᠷᠤᠨᠠᠳᠠᠬᠢᠨ ᠳᠤ ᠴᠤ ᠬᠠᠮᠢᠶ᠎ᠠ ᠪᠦᠬᠦᠢ ᠰᠤᠳᠤᠯᠤᠭᠴᠢᠳ ᠣᠯᠠᠨ ᠭᠠᠷᠤᠭᠰᠠᠨ ᠶᠤᠮ᠃ ᠮᠣᠩ᠋ᠭᠤᠯ ᠦᠨᠳᠦᠰᠦᠲᠡᠨ ᠦ ᠣᠷᠴᠢᠨ ᠦᠶ᠎ᠡ ᠶᠢᠨ ᠰᠡᠭᠡᠭᠡᠷᠡᠭᠦᠯᠦᠭᠴᠢ᠂ ᠰᠤᠷᠭᠠᠨ ᠬᠦᠮᠦᠵᠢᠭᠦᠯᠦᠭᠴᠢ ᠮᠦᠷᠲᠡᠭᠡᠨ ᠵᠤᠬᠢᠶᠠᠯᠴᠢ ᠪᠤᠯᠬᠤ ᠰᠠᠢ᠌ᠴᠤᠩ᠋ᠭᠠ ᠪᠠᠷ ᠮᠦᠨ ᠨᠡᠢ᠌ᠭᠡᠮ ᠦᠨ ᠠᠰᠠᠭᠤᠳᠠᠯ ᠤᠨ ᠲᠤᠬᠠᠢ ᠠᠵᠢᠭᠯᠠᠯᠲᠠ ᠬᠢᠵᠦ ᠮᠣᠩ᠋ᠭᠤᠯᠴᠤᠳ ᠤᠨ ᠨᠡᠢ᠋ᠭᠡᠮ ᠦᠨ ᠦᠵᠡᠭᠳᠡᠯ᠂ ᠨᠡᠢ᠌ᠭᠡᠮ ᠦᠨ ᠪᠦᠲᠦᠴᠡ ᠪᠡ ᠬᠤᠪᠢᠷᠠᠯᠲᠠ ᠶᠢᠨ ᠲᠤᠬᠠᠢ ᠤᠯᠠᠮᠵᠢᠯᠠᠯᠲᠤ ᠣᠢ᠌ᠯᠠᠭᠠᠯᠲᠠ ᠰᠤᠳᠤᠯᠤᠯᠲᠠ ᠶᠢ ᠭᠦᠨᠵᠡᠭᠡᠢ᠌ᠷᠡᠭᠦᠯᠦᠭᠰᠡᠨ ᠪᠠᠢ᠌ᠳᠠᠭ᠃ ᠦᠭᠦᠯᠡᠯ ᠳᠦ ᠂ ᠣᠷᠴᠢᠨ ᠦᠶ᠎ᠡ ᠶᠢᠨ ᠨᠡᠢ᠌ᠭᠡᠮ ᠰᠤᠶᠤᠯ ᠤᠨ ᠣᠨᠴᠠᠭᠠᠢ ᠠᠬᠤᠢ ᠪᠠᠢ᠌ᠳᠠᠯ ᠲᠠᠢ ᠤᠶᠠᠯᠳᠤᠭᠤᠯᠤᠨ ᠰᠠᠢ᠌ᠴᠤᠩ᠋ᠭᠠ ᠶᠢᠨ ᠨᠡᠢ᠌ᠭᠡᠮ ᠦᠨ ᠠᠰᠠᠭᠤᠳᠠᠯ ᠤᠨ ᠲᠤᠬᠠᠢ ᠦᠵᠡᠯᠲᠡ ᠲᠠᠨᠢᠯᠲᠠ ᠶᠢ ᠨᠡᠢ᠌ᠭᠡᠮ ᠵᠦᠢ ᠶᠢᠨ ᠬᠠᠷᠠᠭᠠᠰᠤ ᠠᠴᠠ ᠵᠠᠳᠠᠯᠤᠨ ᠰᠦᠪᠡᠭ᠍ᠴᠢᠯᠡᠬᠦ ᠶᠢ ᠵᠤᠷᠢᠵᠠᠢ᠃ |